| | | ︵ᠰᠤᠷᠪᠤᠯᠵᠢᠯᠠᠭᠴᠢ ᠠᠷᠢᠭᠤᠨ᠎ᠠ︶ ︽ᠬᠤᠶᠠᠳᠤᠭᠠᠷ ᠬᠤᠭᠤᠴᠠᠭᠠᠨ ᠤ ᠬᠥᠬᠡᠬᠤᠲᠠ ᠶᠢᠨ ᠣᠯᠠᠨ | ᠤᠯᠤᠰ ᠤᠨ ᠵᠠᠯᠠᠭᠤᠴᠤᠳ ᠪᠠᠭᠠᠴᠤᠳ ᠤᠨ ᠵᠤᠰᠠᠯᠠᠩ︾ ᠤᠨ ᠡᠬᠢᠯᠡᠬᠦ ᠶᠣᠰᠣᠯᠠᠯ᠂8 ᠳ᠋ᠤᠭᠠᠷ ᠰᠠᠷ᠎ᠠ ᠶᠢᠨ 3 ᠤ | ᠡᠳᠦᠷ ᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠡᠬᠢᠯᠡᠯᠲᠡ ᠶᠢᠨ ᠶᠣᠰᠣᠯᠠᠯ | ᠳᠡᠭᠡᠷ᠎ᠡ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠶᠢᠨ ᠵᠠᠯᠠᠭᠤᠴᠤᠳ ᠪᠠᠭᠠᠴᠤᠳ ᠤᠨ ᠲᠥᠯᠥᠭᠡᠯᠡᠭᠴᠢᠳ ᠤᠨ | ᠪᠦᠯᠬᠦᠮ ᠤᠨ ᠳᠠᠷᠤᠭ᠎ᠠ ᠪᠥ᠊᠂ ᠮᠢᠰᠢᠭᠳᠣᠷᠵᠢ ᠭᠠᠳᠠᠭᠠᠳᠤ ᠤᠯᠤᠰ ᠤᠨ ᠲᠥᠯᠥᠭᠡᠯᠡᠭᠴᠢ ᠶᠢᠨ ᠬᠤᠪᠢ ᠪᠠᠷ | ᠰᠣᠯᠢᠯᠴᠠᠭᠠᠨ ᠤ ᠶᠠᠷᠢᠶ᠎ᠠ ᠲᠠᠯᠪᠢᠪᠠ᠃ ᠲᠡᠷᠡ ᠲᠣᠳᠣᠷᠬᠠᠶᠢᠯᠠᠬᠤ ᠳᠠᠭᠠᠨ᠂ ᠡᠨᠡ ᠤᠳᠠᠭᠠᠨ ᠤ ᠬᠥᠳᠡᠯᠭᠡᠭᠡᠨ ᠨᠢ ᠡᠯ᠎ᠡ | ᠤᠯᠤᠰ ᠤᠨ ᠵᠠᠯᠠᠭᠤᠴᠤᠳ ᠪᠠᠭᠠᠴᠤᠳ ᠬᠠᠷᠢᠯᠴᠠᠨ ᠲᠠᠨᠢᠯᠴᠠᠵᠤ᠂ ᠬᠠᠷᠢᠯᠴᠠᠨ ᠣᠶᠢᠯᠠᠭᠠᠯᠴᠠᠵᠤ᠂ ᠬᠠᠷᠢᠯᠴᠠᠨ | ᠰᠤᠷᠤᠯᠴᠠᠬᠤ ᠳᠤ ᠰᠠᠭᠤᠷᠢ ᠲᠠᠯᠪᠢᠵᠤ᠂ ᠡᠯ᠎ᠡ ᠤᠯᠤᠰ ᠤᠨ ᠬᠤᠲᠠ ᠶᠢᠨ ᠬᠤᠭᠤᠷᠣᠨᠳᠤᠬᠢ ᠠᠷᠠᠳ ᠲᠦᠮᠡᠨ ᠤ | ᠤᠯᠠᠮᠵᠢᠯᠠᠯᠲᠤ ᠨᠥᠬᠦᠷᠰᠡᠭ ᠬᠠᠷᠢᠴᠠᠭ᠎ᠠ ᠶᠢ ᠤᠯᠠᠮ ᠨᠢᠭᠡ ᠠᠯᠬᠤᠮ ᠪᠠᠲᠤᠳᠬᠠᠵᠤ᠂ ᠡᠯ᠎ᠡ ᠬᠦᠷᠢᠶ᠎ᠠ ᠴᠠᠷ᠎ᠠ ᠳᠠᠬᠢ | ᠪᠣᠳᠠᠲᠤ ᠬᠠᠮᠲᠤᠷᠠᠯᠴᠠᠭ᠎ᠠ ᠶᠢ ᠠᠬᠢᠭᠤᠯᠬᠤ ᠳᠤ ᠴᠥᠮ ᠴᠢᠬᠤᠯᠠ ᠶᠡᠭᠡ ᠠᠴᠢ ᠬᠤᠯᠪᠣᠭᠳᠠᠯ ᠲᠠᠢ ᠭᠡᠵᠡᠢ᠃ ᠡᠬᠢᠯᠡᠬᠦ | ᠶᠣᠰᠣᠯᠠᠯ ᠳᠡᠭᠡᠷ᠎ᠡ ᠡᠯ᠎ᠡ ᠤᠯᠤᠰ ᠤᠨ ᠲᠥᠯᠥᠭᠡᠯᠡᠭᠴᠢᠳ ᠤᠨ ᠪᠦᠯᠬᠦᠮ ᠠᠴᠠ ᠭᠤᠶᠢᠳᠠ ᠰᠠᠶᠢᠬᠠᠨ ᠤᠷᠠᠨ | ᠰᠠᠶᠢᠬᠠᠨ ᠤ ᠲᠣᠭᠯᠠᠯᠲᠠ ᠭᠠᠷᠭᠠᠵᠤ᠂ ᠥᠪᠡᠷ ᠤᠨ ᠤᠯᠤᠰ ᠤᠨ ᠢᠶᠠᠨ ᠥᠪᠡᠷᠮᠢᠴᠡ ᠰᠣᠶᠣᠯ ᠤᠨ ᠭᠠᠶᠢᠬᠠᠮᠰᠢᠭ ᠢ | ᠭᠠᠶᠢᠬᠠᠭᠤᠯᠪᠠ᠃ ᠣᠶᠢᠯᠭᠠᠭᠰᠠᠨ ᠢᠶᠠᠷ᠂ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠪᠣᠯᠣᠨ ᠰᠡᠯᠡᠩᠭᠡ | ᠠᠶᠢᠮᠠᠭ᠂ ᠣᠷᠣᠰ ᠤᠨ ᠤᠯᠠᠭᠠᠨ ᠡᠭᠦᠳᠡ ᠬᠤᠲᠠ᠂ ᠶᠠᠫᠤᠨ ᠤ ᠭᠠᠩ ᠴᠢ ᠬᠤᠲᠠ᠂ ᠺᠦᠷᠢᠶᠠ ᠶᠢᠨ ᠰᠸᠦ᠋ᠯ | ᠬᠤᠲᠠ ᠶᠢᠨ ᠭᠤᠸᠠᠨ ᠶᠤᠸᠠᠢ ᠲᠣᠭᠤᠷᠢᠭ ᠤᠨ ᠵᠠᠯᠠᠭᠤᠴᠤᠳ ᠪᠠᠭᠠᠴᠤᠳ ᠤᠨ ᠲᠥᠯᠥᠭᠡᠯᠡᠭᠴᠢᠳ ᠤᠨ ᠪᠦᠯᠬᠦᠮ ᠤᠨ | ᠨᠡᠶᠢᠲᠡ 49 ᠬᠥᠮᠥᠨ᠂ 8 ᠳ᠋ᠤᠭᠠᠷ ᠰᠠᠷ᠎ᠠ ᠶᠢᠨ2 ᠤ ᠡᠳᠦᠷ ᠠᠴᠠ 7 ᠶᠢᠨ ᠡᠳᠦᠷ ᠪᠣᠯᠲᠠᠯ᠎ᠠ ᠮᠠᠨ ᠤ ᠬᠤᠲᠠ ᠳᠤ | ᠠᠶᠢᠯᠴᠢᠯᠠᠬᠤ ᠪᠣᠯᠣᠨ᠎ᠠ᠃ ᠡᠯ᠎ᠡ ᠤᠯᠤᠰ ᠤᠨ ᠬᠤᠯᠪᠣᠭᠳᠠᠯ ᠪᠦᠬᠦᠢ ᠬᠤᠲᠠ ᠶᠢᠨ ᠵᠠᠯᠠᠭᠤᠴᠤᠳ ᠪᠠᠭᠠᠴᠤᠳ | ᠯᠤᠭ᠎ᠠ ᠶᠢᠨ ᠨᠥᠬᠦᠷᠰᠡᠭ ᠬᠤᠯᠪᠣᠭ᠎ᠠ ᠶᠢ ᠴᠢᠩᠭᠠᠳᠬᠠᠬᠤ ᠪᠠᠷ ᠳᠠᠮᠵᠢᠨ᠂ ᠬᠥᠬᠡᠬᠤᠲᠠ ᠶᠢ ᠨᠡᠩ ᠨᠡᠭᠡᠭᠡᠯᠲᠡ ᠲᠠᠢ᠂ | ᠪᠠᠭᠲᠠᠭᠠᠮᠵᠢᠲᠠᠢ ᠣᠯᠠᠨ ᠤᠯᠤᠰ ᠤᠨ ᠰᠢᠨ᠎ᠡ ᠳᠦᠷᠢ ᠲᠥᠷᠬᠦ ᠶᠢ ᠪᠠᠶᠢᠭᠤᠯᠬᠤ ᠶᠢᠨ ᠲᠤᠰᠠᠳᠠ ᠡᠨᠡ ᠤᠳᠠᠭᠠᠨ ᠤ | ᠬᠥᠳᠡᠯᠭᠡᠭᠡᠨ ᠢ ᠡᠷᠬᠢᠯᠡᠭᠰᠡᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠵᠢᠴᠢ ᠬᠤᠲᠠ ᠶᠢᠨ ᠭᠠᠳᠠᠭᠠᠳᠤ | ᠶᠠᠪᠤᠳᠠᠯ ᠤᠨ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠡᠬᠢᠯᠡᠬᠦ ᠶᠣᠰᠣᠯᠠᠯ ᠳᠤ ᠣᠷᠣᠯᠴᠠᠪᠠ᠃ |