7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠮᠠᠨ ᠤ ᠬᠤᠲᠠ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ 35512.73 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2019/8/5
      ︵ᠰᠤᠷᠪᠤᠯᠵᠢᠯᠠᠭᠴᠢ ᠰᠦᠩ ᠰᠢᠶᠠᠩ ᠬᠤᠸᠠ  ᠴᠢᠮᠡᠭᠡᠯᠡᠭᠴᠢ ᠯᠢ ᠰᠢᠶᠥᠥ ᠢᠦᠢ︶ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ 35512.73 ᠲᠦᠮᠡᠨ ᠲᠥᠭᠦᠷᠢᠭ ᠪᠠᠭᠤᠯᠭᠠᠪᠠ᠃ ᠡᠭᠦᠨ ᠳᠤ᠂ ᠳᠡᠭᠡᠳᠦ ᠱᠠᠲᠤᠨ ᠤ ᠶᠠᠳᠠᠭᠤ ᠶᠢ ᠲᠡᠳᠬᠦᠬᠦ ᠡᠳ᠋ ᠤᠨ ᠵᠠᠰᠠᠭ ᠤᠨ ᠪᠡᠯᠡ ᠮᠥᠩᠭᠦ 10188 ᠲᠦᠮᠡᠨ ᠲᠥᠭᠦᠷᠢᠭ  ︵ᠲᠥᠪ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ 1500 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ 8688 ᠲᠦᠮᠡᠨ ᠲᠥᠭᠦᠷᠢᠭ︶᠂ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ 25324.73 ᠲᠦᠮᠡᠨ ᠲᠥᠭᠦᠷᠢᠭ ᠪᠠᠭᠲᠠᠨ᠎ᠠ᠃      ᠣᠳᠣᠬᠠᠨ ᠳᠤ᠂ ᠮᠠᠨ ᠤ ᠬᠤᠲᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠥᠪᠡᠷ ᠤᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠬᠠᠷᠠᠯᠲᠠ ᠪᠠᠨ ᠪᠠᠷᠢᠮᠲᠠᠯᠠᠵᠤ᠂ ᠵᠣᠷᠢᠭᠲᠠᠢ ᠬᠠᠷᠢᠭᠤᠴᠠᠵᠤ᠂ ᠰᠠᠨᠠᠭᠠᠴᠢᠯᠠᠭ᠎ᠠ ᠲᠠᠢ ᠬᠠᠨᠳᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠣᠯᠬᠤ ᠲᠤᠬᠠᠢ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠦ ᠰᠢᠪᠲᠤᠯᠤᠯᠲᠠ ᠶᠢᠨ ᠳᠠᠶᠢᠨ ᠤ ᠰᠢᠢᠳᠪᠦᠷᠢᠲᠦ ᠢᠯᠠᠯᠲᠠ ᠶᠢ ᠣᠯᠬᠤ ᠳᠤ  ﹇ᠰᠡᠳᠬᠢᠯ ᠢ ᠠᠮᠤᠷᠵᠢᠭᠤᠯᠬᠤ ᠵᠡᠭᠦᠦ﹈ ᠲᠠᠷᠢᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ