ᠴᠢᠩ ᠱᠦᠶ ᠾᠧ ᠰᠢᠶᠠᠨ ᠪᠦᠬᠦ ᠰᠢᠶᠠᠨ ᠤ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-08-06
    8 ᠳ᠋ᠤᠭᠠᠷ ᠰᠠᠷ᠎ᠠ ᠶᠢᠨ 5 ᠤ ᠡᠳᠦᠷ᠂ ᠴᠢᠩ ᠱᠦᠶ ᠾᠧ ᠰᠢᠶᠠᠨ ᠪᠦᠬᠦ ᠰᠢᠶᠠᠨ ᠤ ᠴᠡᠷᠢᠭ ᠡᠯᠰᠡᠬᠦ ᠠᠵᠢᠯ  ᠤᠨ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠵᠠᠩ ᠮᠢᠨ ᠴᠦᠨ᠂ ᠵᠢᠩ ᠾᠦᠸᠧ ᠶᠤᠸᠠᠨ᠂ ᠯᠢ ᠸᠧᠶ ᠹᠧᠩ ᠬᠤᠷᠠᠯ ᠳᠤ ᠣᠷᠣᠯᠴᠠᠪᠠ᠃      ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠯᠢ ᠸᠧᠶ ᠹᠧᠩ ᠬᠤᠷᠠᠯ ᠢ ᠡᠷᠬᠢᠯᠡᠪᠡ      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠩ ᠾᠦᠸᠧ ᠶᠤᠸᠠᠨ 2018 ᠣᠨ ᠠᠵᠢᠯ ᠢᠶᠠᠨ ᠳ᠋ᠦᠩᠨᠡᠭᠰᠡᠨ ᠪᠥᠭᠡᠳ ᠡᠨᠡ ᠵᠢᠯ ᠤᠨ ᠠᠵᠢᠯ ᠢᠶᠠᠨ ᠪᠣᠳᠠᠲᠠᠶ ᠲᠤᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ  ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠮᠢᠨ ᠴᠦᠨ ᠡᠯ᠎ᠡ ᠡᠭᠦᠷᠭᠡ ᠲᠠᠢ ᠨᠢᠭᠡᠴᠢ ᠲᠠᠢ《 ᠬᠠᠷᠢᠭᠤᠴᠠᠯᠭ᠎ᠠ  ᠶᠢᠨ ᠪᠢᠴᠢᠭ 》ᠲᠣᠭᠲᠠᠭᠠᠪᠠ᠃      ᠵᠠᠩ ᠮᠢᠨ ᠴᠦᠨ ᠵᠢᠭᠠᠵᠤ ᠭᠠᠷᠭᠠᠭᠰᠠᠨ ᠨᠢ᠂ ᠮᠠᠨ ᠤ ᠠᠵᠢᠯ ᠪᠣᠯ ᠨᠢᠭᠡ ᠵᠦᠶᠯ ᠤᠨ ᠪᠥᠬᠦ ᠲᠠᠯ᠎ᠠ ᠶᠢᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ ᠠᠵᠢᠯ ᠮᠥᠨ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠴᠡᠷᠢᠭ ᠢᠶᠠᠨ ᠬᠦᠴᠦᠷᠬᠡᠭᠵᠢᠭᠦᠯᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ  ᠶᠢ ᠲᠦᠷᠭᠡᠳᠬᠡᠨ ᠠᠬᠢᠭᠤᠯᠵᠤ᠂ ᠴᠡᠷᠢᠭ ᠠᠩᠭᠢ ᠶᠢᠨ ᠳᠠᠶᠢᠴᠢᠨ ᠬᠦᠴᠦᠨ ᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃  ᠴᠡᠷᠢᠭ ᠡᠯᠰᠡᠬᠦ ᠠᠵᠢᠯ ᠤᠨ ᠴᠢᠬᠤᠯᠠ ᠴᠢᠨᠠᠷ ᠪᠣᠯᠤᠨ ᠪᠠᠶᠢᠳᠠᠯ ᠤᠨ ᠬᠠᠲᠠᠭᠤ ᠴᠢᠩᠭ᠎ᠠ ᠴᠢᠨᠠᠷ ᠲᠤ ᠴᠢᠭᠯᠡᠭᠦᠯᠦᠨ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠵᠠᠪᠠᠯ ᠤᠯᠤᠰ ᠲᠥᠷᠥ ᠶᠢᠨ ᠡᠷᠴᠢᠮ ᠢᠶᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠰᠠᠶᠢᠨ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠤᠬᠠᠭᠤᠯᠬᠤ ᠡᠷᠴᠢᠮ ᠢᠶᠠᠨ ᠨᠡᠮᠡᠭᠳᠡᠭᠦᠯᠦᠨ᠂ ᠤᠯᠤᠰ ᠲᠥᠷᠥ  ᠶᠢᠨ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠠᠵᠢᠯ ᠤᠨ ᠠᠷᠭ᠎ᠠ ᠪᠠᠨ ᠬᠠᠯᠠᠨ ᠰᠠᠶᠢᠵᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ  ᠪᠠᠨ ᠲᠡᠭᠦᠯᠳᠡᠷᠵᠢᠭᠦᠯᠦᠨ᠂ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠡᠷᠢᠭ ᠡᠯᠰᠡᠬᠦ ᠠᠵᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠵᠠᠩ ᠮᠢᠨ ᠴᠦᠨ ᠴᠢᠬᠤᠯᠠᠴᠢᠯᠠᠭᠰᠠᠨ ᠨᠢ᠂ ᠴᠡᠷᠢᠭ ᠤᠨ ᠶᠠᠰᠤ ᠴᠢᠨᠠᠷ ᠢ ᠪᠠᠲᠤᠯᠠᠬᠤ ᠪᠣᠯ ᠴᠡᠷᠢᠭ ᠡᠯᠰᠡᠬᠦ ᠠᠵᠢᠯ ᠢ ᠰᠠᠶᠢᠲᠤᠷ ᠬᠢᠬᠦ ᠶᠢᠨ ᠵᠣᠷᠢᠯᠲᠠ ᠪᠠ ᠲᠤᠰᠤᠯᠲᠠ ᠪᠣᠯᠤᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠴᠢᠩᠭ᠎ᠠ ᠬᠢᠨᠠᠨ ᠪᠠᠶᠢᠴᠠᠭᠠᠵᠤ᠂ ᠰᠢᠯᠢᠳᠡᠭ ᠵᠠᠯᠠᠭᠤᠴᠤᠳ ᠢ ᠡᠯᠰᠡᠨ ᠴᠤᠭᠯᠠᠭᠤᠯᠬᠤ ᠬᠡᠷᠡᠭᠲᠡᠶ᠃ ᠡᠯ᠎ᠡ ᠨᠢᠭᠡᠴᠡ ᠨᠦᠭᠦᠳ ᠵᠠᠭᠤᠴᠢᠯᠠᠭᠤᠷ ᠤᠨ ᠤᠬᠠᠭᠤᠯᠭ᠎ᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠰᠠᠶᠢᠨ ᠰᠠᠶᠢᠬᠠᠨ ᠠᠵᠢᠯ ᠤᠨ ᠣᠷᠴᠢᠨ ᠪᠠᠶᠢᠳᠠᠯ ᠢ ᠪᠣᠶ ᠪᠣᠯᠭᠠᠵᠤ᠂ ᠴᠡᠷᠢᠭ ᠤᠨ ᠳᠠᠯᠳᠠ ᠬᠦᠴᠦᠨ ᠢ ᠭᠦᠶᠴᠡᠳ ᠪᠠᠳᠠᠷᠠᠭᠤᠯᠵᠤ᠂ ᠰᠢᠯᠢᠳᠡᠭ ᠣᠶᠤᠲᠠᠨ ᠢ ᠤᠷᠢᠳᠠᠪᠠᠷ ᠡᠯᠰᠡᠵᠦ᠂ ᠴᠡᠷᠢᠭ ᠤᠨ ᠰᠣᠶᠣᠯ ᠤᠨ ᠳᠡᠰ ᠳᠠᠪᠬᠤᠷᠭ᠎ᠠ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠢᠯᠠ ᠲᠣᠳᠣ᠂ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠴᠡᠷᠢᠭ ᠡᠯᠰᠡᠬᠦ ᠶᠠᠪᠤᠴᠠ ᠳᠤ ᠢᠯᠠ ᠲᠣᠳᠣ᠂ ᠲᠥᠪ ᠭᠤᠤᠯᠴᠢ᠂ ᠢᠯᠠ ᠲᠣᠳᠣ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号