ᠰᠢᠨᠬᠤᠸᠠ ᠬᠤᠷᠢᠶ᠎ᠠ ᠬᠦᠬᠡᠬᠤᠳᠠ ᠶᠢᠨ 8 ᠰᠠᠷ᠎ᠠ ᠶᠢᠨ 4 ᠤ ᠡᠳᠤᠷ ᠤᠨ ᠴᠠᠬᠢᠯᠭᠠᠨ ᠮᠡᠳᠡᠭᠡ ︵ | ᠰᠤᠷᠪᠤᠯᠵᠢᠯᠠᠭᠴᠢ ᠤᠷᠢᠬᠠᠨ︶ ᠤᠶᠢᠷ᠎ᠠ ᠳᠤ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠶᠤᠯ | ᠪᠤᠯᠤᠨ ᠠᠶᠠᠯᠠᠯ ᠵᠢᠭᠤᠯᠴᠢᠯᠠᠯ ᠤᠨ ᠲᠢᠩᠬᠢᠮ ᠦᠪᠦᠷ ᠮᠣᠩᠭᠤᠯ ᠤᠨ ᠡᠯ᠎ᠡ ᠭᠠᠵᠠᠷ ᠤᠨ ᠬᠤᠪᠢᠰᠬᠠᠯᠳᠤ ᠠᠶᠠᠯᠠᠯ | ᠵᠢᠭᠤᠯᠴᠢᠯᠠᠯ ᠤᠨ ᠡᠬᠢ ᠪᠠᠶᠠᠯᠢᠭ ᠢ ᠡᠮᠬᠢᠳᠬᠡᠵᠤ᠂ ᠬᠦᠬᠡᠬᠤᠳᠠ᠂ ᠤᠯᠠᠭᠠᠨᠬᠤᠳᠠ᠂ ᠮᠠᠨᠵᠤᠤᠷ ᠬᠤᠳᠠ ᠵᠡᠷᠬᠡ | ᠬᠤᠪᠢᠰᠬᠠᠯᠳᠤ ᠠᠶᠠᠯᠠᠯ ᠵᠢᠭᠤᠯᠴᠢᠯᠠᠯ ᠤᠨ ᠬᠤᠳᠠ ᠪᠠᠷ ᠲᠦᠪ ᠪᠤᠯᠭᠠᠵᠤ᠂ ᠤᠶᠢᠷ᠎ᠠ ᠬᠠᠪᠢ ᠶᠢᠨ ᠪᠤᠰᠤᠳ ᠠᠮᠢ | ᠠᠬᠤᠢ᠂ ᠰᠤᠶᠤᠯ ᠵᠠᠩᠰᠢᠯ ᠵᠡᠷᠬᠡ ᠠᠶᠠᠯᠠᠯ ᠵᠢᠭᠤᠯᠴᠢᠯᠠᠯ ᠤᠨ ᠡᠬᠢ ᠪᠠᠶᠠᠯᠢᠭ ᠢ ᠬᠤᠯᠪᠤᠭᠠᠯᠠᠨ ᠠᠷᠪᠠᠨ ᠲᠤᠮᠤ | ᠬᠤᠪᠢᠰᠬᠠᠯᠳᠤ ᠠᠶᠠᠯᠠᠯ ᠵᠢᠭᠤᠯᠴᠢᠯᠠᠯ ᠤᠨ ᠰᠤᠳᠤᠨ ᠱᠤᠭᠤᠮ ᠭᠠᠷᠭᠠᠪᠠ᠃ | ᠲᠤᠰ ᠠᠶᠠᠯᠠᠯ ᠵᠢᠭᠤᠯᠴᠢᠯᠠᠯ ᠤᠨ ᠠᠷᠪᠠᠨ ᠰᠤᠭᠤᠮ ᠨᠢ ᠲᠤᠰ ᠲᠤᠰ ᠲᠠᠯ᠎ᠠ ᠨᠤᠳᠤᠭ ᠤᠨ ᠬᠤᠪᠢᠰᠬᠠᠯᠳᠤ | ᠦᠷᠡᠰ ᠤᠨ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠦᠪᠦᠷ ᠮᠣᠩᠭᠤᠯ ᠤᠨ ᠦᠨᠳᠤᠰᠦᠳᠡᠨ ᠤ | ᠴᠢᠯᠦᠬᠡᠯᠡᠬᠦ ᠲᠠᠶᠢᠨ ᠢ ᠲᠡᠮᠳᠡᠭᠯᠡᠬᠦ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠬᠤᠪᠢᠰᠬᠠᠯᠳᠤ ᠰᠤᠷᠭᠠᠨ | ᠬᠦᠮᠦᠵᠢᠯ ᠤᠨ ᠪᠤᠯᠪᠠᠰᠤᠷᠠᠯ ᠤᠨ ᠠᠶᠠᠯᠠᠯ ᠵᠢᠭᠤᠯᠴᠢᠯᠠᠯ ᠤᠨ ᠱᠤᠭᠤᠮ᠂ ᠶᠠᠫᠤᠨ ᠢ ᠡᠰᠡᠷᠬᠦᠴᠡᠬᠦ ᠲᠠᠶᠢᠨ ᠢ ᠲᠡᠮᠳᠡᠭᠯᠡᠬᠦ | ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠬᠤᠶᠠᠳᠤᠭᠠᠷ ᠲᠠᠶᠢᠨ ᠤ ᠹᠠᠱᠢᠰ ᠢ ᠡᠰᠡᠷᠬᠦᠴᠡᠬᠦ ᠲᠠᠶᠢᠨ ᠢ | ᠲᠡᠮᠳᠡᠭᠯᠡᠬᠦ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠠᠭᠠᠷ ᠠᠶᠠᠯᠠᠯ ᠤᠨ ᠮᠦᠷᠦᠬᠡᠳᠤᠯ ᠠᠴᠢᠬᠰᠠᠨ | ᠬᠤᠪᠢᠰᠬᠠᠯᠳᠤ ᠠᠶᠠᠯᠠᠯ ᠵᠢᠭᠤᠴᠢᠯᠠᠯ ᠤᠨ ᠱᠤᠭᠤᠮ᠂ ᠴᠢᠯᠦᠬᠡᠯᠡᠬᠦ ᠲᠠᠶᠢᠨ ᠢ ᠲᠡᠮᠳᠡᠭᠯᠡᠬᠦ ᠬᠤᠪᠢᠰᠬᠠᠯᠳᠤ ᠠᠶᠠᠯᠠᠯ | ᠵᠢᠭᠤᠯᠴᠢᠯᠠᠯ ᠤᠨ ᠱᠤᠭᠤᠮ᠂ ᠬᠢᠯᠢ ᠶᠢᠨ ᠭᠠᠳᠠᠨᠠᠬᠢ ᠶᠠᠫᠤᠨ ᠢ ᠡᠰᠡᠷᠬᠦᠴᠡᠬᠦ ᠲᠠᠶᠢᠨ ᠤ ᠬᠤᠪᠢᠰᠬᠠᠯᠳᠤ ᠠᠶᠠᠯᠠᠯ | ᠵᠢᠭᠤᠯᠴᠢᠯᠠᠯ ᠤᠨ ᠱᠤᠭᠤᠮ᠂ ᠶᠠᠫᠤᠨ ᠢ ᠡᠰᠷᠬᠦᠴᠡᠬᠦ ᠲᠠᠶᠢᠨ ᠳᠤ ᠮᠤᠷᠳᠠᠭᠰᠠᠨ ᠬᠤᠪᠢᠰᠬᠠᠯᠳᠤ ᠠᠶᠠᠯᠠᠯ | ᠵᠢᠭᠤᠯᠴᠢᠯᠠᠯ ᠤᠨ ᠱᠤᠭᠤᠮ᠂ ᠲᠤᠮᠤ ᠬᠦᠷᠦᠨ ᠤ ᠴᠢᠬᠤᠯᠠ ᠬᠡᠷᠡᠭᠰᠡᠯ ᠤᠨ ᠬᠤᠪᠢᠰᠬᠠᠯᠳᠤ ᠠᠶᠠᠯᠠᠯ ᠵᠢᠭᠤᠯᠴᠢᠯᠠᠯ ᠤᠨ | ᠱᠤᠭᠤᠮ ᠵᠡᠷᠬᠡ ᠪᠤᠯᠤᠨ᠎ᠠ᠃ | ᠤᠶᠢᠯᠠᠭᠠᠭᠰᠠᠨ ᠢᠶᠠᠷ᠂ ᠦᠪᠦᠷ ᠮᠣᠩᠭᠤᠯ ︽ᠬᠤᠪᠢᠰᠬᠠᠯᠳᠤ ᠠᠶᠠᠯᠠᠯ ᠵᠢᠭᠤᠯᠴᠢᠯᠠᠯ + ᠬᠦᠳᠡᠭᠡ | ᠲᠤᠰᠬᠤᠨ ᠤ ᠠᠶᠠᠯᠠᠯ ᠵᠢᠭᠤᠯᠴᠢᠯᠠᠯ︾᠂ ︽ᠬᠤᠪᠢᠰᠬᠠᠯᠳᠤ ᠠᠶᠠᠯᠠᠯ ᠵᠢᠭᠤᠯᠴᠢᠯᠠᠯ + ᠰᠤᠷᠭᠠᠨ ᠬᠦᠮᠦᠵᠢᠯ ᠤᠨ | ᠪᠤᠯᠪᠠᠰᠤᠷᠠᠯ︾ ᠵᠡᠷᠬᠡ ᠤᠯᠠᠨ ᠬᠡᠯᠪᠡᠷᠢ ᠶᠢ ᠡᠷᠢᠯᠬᠢᠯᠡᠵᠤ᠂ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠪᠠᠶᠠᠯᠢᠭ ᠡᠬᠢ | ᠰᠤᠷᠪᠤᠯᠵᠢ ᠪᠠᠷ ᠭᠤᠤᠯ ᠪᠤᠯᠭᠠᠵᠤ᠂ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠰᠤᠷᠭᠠᠨ ᠬᠦᠮᠦᠵᠢᠯ ᠤᠨ | ᠴᠢᠳᠠᠮᠵᠢ ᠶᠢ ᠲᠤᠪᠤᠶᠢᠯᠭᠠᠵᠤ᠂ ᠬᠤᠪᠢᠰᠬᠠᠯ ᠤᠨ ᠵᠤᠷᠢᠭ ᠰᠠᠨᠠᠭ᠎ᠠ ᠶᠢ ᠬᠤᠪᠢᠰᠬᠠᠯᠳᠤ ᠠᠶᠠᠯᠠᠯ ᠵᠢᠭᠤᠯᠴᠢᠯᠠᠯ ᠤᠨ | ᠱᠤᠭᠤᠮ ᠤᠨ ᠲᠦᠰᠦᠯ᠂ ᠰᠤᠷᠳᠠᠯᠴᠢᠯᠠᠭ᠎ᠠ ᠤᠬᠠᠭᠤᠯᠭ᠎ᠠ ᠪᠤᠯᠤᠨ ᠲᠠᠶᠢᠯᠪᠤᠷᠢ ᠳᠤ ᠠᠭᠤᠰᠤᠯᠴᠠᠭᠤᠯᠵᠤ᠂ ᠦᠪᠦᠷ | ᠮᠣᠩᠭᠤᠯ ᠤᠨ ᠬᠤᠪᠢᠰᠬᠠᠯᠳᠤ ᠰᠤᠶᠤᠯ ᠤᠨ ᠠᠶᠠᠯᠠᠯ ᠵᠢᠭᠤᠯᠴᠢᠯᠠᠯ ᠤᠨ ᠪᠷᠧᠨ᠋ᠳ᠋ ᠤᠨ ᠨᠦᠯᠦᠬᠡᠯᠡᠬᠦ ᠬᠦᠴᠦᠨ ᠢ | ᠨᠡᠮᠡᠭᠳᠡᠬᠦᠯᠬᠦ ᠪᠤᠯᠤᠨ᠎ᠠ᠃ |