ᠦᠪᠦᠷ ᠮᠤᠩᠭᠤᠯ ᠤᠨ 186890 ᠰᠤᠷᠤᠬᠴᠢ ᠤᠷᠤᠨ ᠤ ᠲᠤᠳᠤᠨ᠎ᠠ ᠭᠠᠳᠠᠨᠠᠬᠢ ᠶᠡᠭᠡ ᠳᠡᠭᠡᠳᠤ ᠰᠤᠷᠭᠠᠭᠤᠯᠢ ᠳᠤ ᠡᠯᠰᠡᠭᠳᠡᠵᠡᠢ
ᠨᠡᠶᠢᠲᠡᠯᠡᠭᠰᠡᠨ ᠴᠠᠭ᠄
2019-08-06
      2019 ᠤᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠡᠭᠡ ᠳᠡᠭᠡᠳᠤ ᠰᠤᠷᠭᠠᠭᠤᠯᠢ ᠳᠤ ᠡᠯᠰᠡᠬᠦ ᠠᠵᠢᠯ 6 ᠰᠠᠷ᠎ᠠ ᠶᠢᠨ 25 ᠤ ᠡᠳᠦᠷ ᠠᠴᠠ 8 ᠰᠠᠷ᠎ᠠ ᠶᠢᠨ 1 ᠤ ᠡᠳᠦᠷ ᠬᠦᠷᠲᠡᠯ᠎ᠡ ᠦᠷᠭᠦᠯᠵᠢᠯᠡᠵᠦ ᠦᠪᠦᠷ ᠮᠤᠩᠭᠤᠯ ᠤᠨ ᠨᠡᠶᠢᠲᠡ 186890 ᠰᠤᠷᠤᠬᠴᠢ ᠶᠡᠭᠡ ᠳᠡᠭᠡᠳᠤ ᠰᠤᠷᠭᠠᠭᠤᠯᠢ ᠳᠤ ᠡᠯᠰᠡᠭᠳᠡᠵᠡᠢ᠃ ᠡᠭᠦᠨ ᠳᠤ ᠲᠤᠳᠤᠷ᠎ᠠ ᠦᠨᠳᠦᠰᠦᠨ ᠠᠩᠬᠢ ᠳᠤ ᠡᠯᠰᠡᠭᠳᠡᠭᠰᠡᠨ ᠨᠢ 95367᠂ ᠦᠨᠳᠦᠷ ᠵᠡᠷᠭᠡ ᠶᠢᠨ ᠲᠤᠰᠬᠠᠢ ᠮᠡᠷᠭᠡᠵᠢᠯ ᠳᠤ ᠡᠯᠰᠡᠭᠳᠡᠭᠰᠡᠨ ᠨᠢ 91523︔ ᠤᠷᠤᠨ ᠤ ᠲᠤᠳᠤᠷᠠᠬᠢ ᠶᠡᠭᠡ ᠳᠡᠭᠡᠳᠤ ᠰᠤᠷᠭᠠᠭᠤᠯᠢ ᠳᠤ ᠡᠯᠰᠡᠭᠳᠡᠭᠰᠡᠨ ᠨᠢ 127465᠂ ᠤᠷᠤᠨ ᠤ ᠭᠠᠳᠠᠨᠠᠬᠢ ᠶᠡᠭᠡ ᠳᠡᠭᠡᠳᠤ ᠰᠤᠷᠭᠠᠭᠤᠯᠢ ᠳᠤ ᠡᠯᠰᠡᠭᠳᠡᠭᠰᠡᠨ ᠨᠢ 59425 ᠪᠠᠶᠢᠪᠠ᠃      ᠰᠤᠷᠤᠬᠴᠢᠳ ᠤᠨ ᠨᠤᠲ ᠲᠤ ᠡᠷᠡᠮᠡᠯᠵᠡᠯ ᠮᠡᠳᠡᠭᠦᠯᠬᠦ ᠶᠢ ᠵᠢᠯᠤᠭᠤᠳᠬᠤ ᠶᠢᠨ ᠲᠤᠰᠠᠳᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠰᠤᠷᠤᠬᠴᠢ ᠡᠯᠰᠡᠬᠦ ᠰᠢᠯᠭᠠᠯᠲᠠ ᠶᠢᠨ ᠲᠦᠪ ᠤᠨ ᠬᠢᠨ ᠰᠡᠭᠦᠯ ᠤᠨ ᠭᠤᠷᠪᠠᠨ ᠵᠢᠯ ᠤᠨ ᠳ᠋ᠠᠶᠢᠲ᠋ᠠ ᠶᠢ ᠡᠮᠬᠢᠳᠬᠡᠨ ᠰᠤᠳᠤᠯᠤᠬᠰᠠᠨ ᠤ ᠡᠴᠦᠰ ᠲᠤ ᠰᠤᠷᠤᠬᠴᠢᠳ ᠤᠨ ᠤᠯᠤᠬᠰᠠᠨ ᠬᠤᠪᠢ ᠳᠤᠨᠢ ᠦᠨᠳᠦᠰᠦᠯᠡᠨ ᠬᠦᠮᠦᠨ ᠪᠦᠷᠢ ᠳᠤ 20 ᠰᠤᠷᠭᠠᠭᠤᠯᠢ ᠶᠢ ᠲᠠᠨᠢᠯᠴᠠᠭᠤᠯᠵᠤ ᠦᠭᠴᠡᠢ᠃ ᠪᠠᠰᠠ ᠡᠯ᠎ᠡ ᠠᠶᠢᠮᠠᠬ ᠬᠤᠲᠠ ᠪᠤᠯᠤᠨ ᠬᠤᠰᠢᠭᠤ ᠰᠢᠶᠠᠨ ᠤ ᠰᠤᠷᠭᠠᠨ ᠬᠦᠮᠦᠵᠢᠯ ᠰᠤᠷᠤᠬᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠠᠵᠢᠯᠲᠠᠳ ᠪᠤᠯᠤᠨ ᠦᠨᠳᠦᠷ ᠳᠤᠮᠳᠠᠳᠤ ᠶᠢᠨ ᠪᠠᠭᠰᠢᠨᠠᠷ ᠨᠡᠶᠢᠲᠡ 700 ᠭᠠᠷᠤᠢ ᠬᠦᠮᠦᠨ ᠳᠤ ᠰᠤᠷᠭᠠᠯᠲᠠ ᠬᠦᠷᠲᠡᠭᠡᠪᠡ︔ ᠶᠡᠭᠡ ᠳᠡᠭᠡᠳᠤ ᠰᠤᠷᠭᠠᠭᠤᠯᠢ ᠶᠢᠨ ᠡᠯᠰᠡᠯᠲᠡ ᠶᠢᠨ ᠰᠢᠯᠭᠠᠯᠲᠠ ᠳᠠᠭᠤᠰᠤᠬᠰᠠᠨ ᠤ ᠳᠠᠷᠠᠭ᠎ᠠ ᠡᠯ᠎ᠡ ᠭᠠᠵᠠᠷ ᠤᠨ ᠳᠤᠮᠳᠠᠳᠤ ᠰᠤᠷᠭᠠᠭᠤᠯᠢ ᠶᠢᠨ ᠬᠢᠨ ᠰᠤᠷᠤᠬᠴᠢᠳ ᠪᠤᠯᠤᠨ ᠭᠡᠷ ᠤᠨ ᠠᠬᠠᠮᠠᠳ ᠲᠤ ᠡᠷᠡᠮᠡᠯᠵᠡᠯ ᠮᠡᠳᠡᠭᠦᠯᠬᠦ ᠰᠤᠷᠭᠠᠯᠲᠠ ᠬᠦᠷᠲᠡᠭᠡᠪᠡ︔ ᠨᠧᠲ ᠲᠤ ᠡᠷᠡᠮᠡᠯᠵᠡᠯ ᠮᠡᠳᠡᠭᠦᠯᠬᠦ ᠠᠴᠠ ᠡᠮᠦᠨ᠎ᠡ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠰᠤᠷᠤᠬᠴᠢ ᠡᠯᠰᠡᠬᠦ ᠰᠢᠯᠭᠠᠯᠲᠠ ᠶᠢᠨ ᠲᠦᠪ ᠠᠴᠠ ︽ᠨᠤᠲ ᠲᠤ ᠡᠷᠡᠮᠡᠯᠵᠡᠯ ᠮᠡᠳᠡᠭᠦᠯᠬᠦ ᠸᠢᠳᠢᠤ᠋ ᠰᠤᠷᠭᠠᠯᠲᠠ ᠶᠢᠨ ᠰᠤᠷᠬᠤ ᠪᠢᠴᠢᠭ︾ ᠢ ᠲᠠᠷᠬᠠᠭᠠᠵᠦ᠂ ᠪᠠᠰᠠ ᠤᠷᠤᠨ ᠤ ᠬᠡᠪᠴᠢᠶᠡᠨ ᠳᠤ ᠡᠷᠡᠮᠡᠯᠵᠡᠯ ᠮᠡᠳᠡᠭᠦᠯᠬᠦ ᠳᠠᠭᠤᠷᠢᠶᠠᠮᠠᠯ ᠰᠤᠷᠢᠯᠲᠠ ᠵᠤᠬᠢᠶᠠᠨ ᠪᠠᠶᠢᠭᠤᠯᠤᠨ ᠰᠤᠷᠤᠬᠴᠢᠳ ᠲᠤ ᠡᠷᠡᠮᠡᠯᠵᠡᠯ ᠮᠡᠳᠡᠭᠦᠯᠬᠦ ᠰᠢᠰᠲ᠋ᠤᠮ ᠢ ᠠᠰᠢᠬᠯᠠᠬᠤ ᠠᠷᠭ᠎ᠠ ᠪᠤᠯᠤᠨ ᠠᠯᠬᠤᠮ ᠳᠠᠷᠠᠭ᠎ᠠ ᠶᠢ ᠰᠠᠶᠢᠨ ᠮᠡᠳᠡᠭᠦᠯᠦᠭᠰᠡᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号