ᠦᠪᠦᠷ ᠮᠣᠩᠭᠤᠯ ᠠᠷᠪᠠᠨ ᠲᠤᠮᠤ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠰᠤᠳᠤᠨ ᠱᠤᠭᠤᠮ ᠭᠠᠷᠭᠠᠪᠠ
ᠨᠡᠶᠢᠲᠡᠯᠡᠭᠰᠡᠨ ᠴᠠᠭ᠄
2019/8/6
      ᠰᠢᠨᠬᠤᠸᠠ ᠬᠤᠷᠢᠶ᠎ᠠ ᠬᠦᠬᠡᠬᠤᠳᠠ ᠶᠢᠨ 8 ᠰᠠᠷ᠎ᠠ ᠶᠢᠨ 4 ᠤ ᠡᠳᠤᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠤᠷᠢᠬᠠᠨ︶ ᠤᠶᠢᠷ᠎ᠠ ᠳᠤ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠶᠤᠯ ᠪᠤᠯᠤᠨ ᠠᠶᠠᠯᠠᠯ ᠵᠢᠭᠤᠯᠴᠢᠯᠠᠯ ᠤᠨ ᠲᠢᠩᠬᠢᠮ ᠦᠪᠦᠷ ᠮᠣᠩᠭᠤᠯ ᠤᠨ ᠡᠯ᠎ᠡ ᠭᠠᠵᠠᠷ ᠤᠨ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠳᠬᠡᠵᠤ᠂ ᠬᠦᠬᠡᠬᠤᠳᠠ᠂ ᠤᠯᠠᠭᠠᠨᠬᠤᠳᠠ᠂ ᠮᠠᠨᠵᠤᠤᠷ ᠬᠤᠳᠠ ᠵᠡᠷᠬᠡ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠬᠤᠳᠠ ᠪᠠᠷ ᠲᠦᠪ ᠪᠤᠯᠭᠠᠵᠤ᠂ ᠤᠶᠢᠷ᠎ᠠ ᠬᠠᠪᠢ ᠶᠢᠨ ᠪᠤᠰᠤᠳ ᠠᠮᠢ ᠠᠬᠤᠢ᠂ ᠰᠤᠶᠤᠯ ᠵᠠᠩᠰᠢᠯ ᠵᠡᠷᠬᠡ ᠠᠶᠠᠯᠠᠯ ᠵᠢᠭᠤᠯᠴᠢᠯᠠᠯ ᠤᠨ ᠡᠬᠢ ᠪᠠᠶᠠᠯᠢᠭ ᠢ ᠬᠤᠯᠪᠤᠭᠠᠯᠠᠨ ᠠᠷᠪᠠᠨ ᠲᠤᠮᠤ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠰᠤᠳᠤᠨ ᠱᠤᠭᠤᠮ ᠭᠠᠷᠭᠠᠪᠠ᠃     ᠲᠤᠰ ᠠᠶᠠᠯᠠᠯ ᠵᠢᠭᠤᠯᠴᠢᠯᠠᠯ ᠤᠨ ᠠᠷᠪᠠᠨ ᠰᠤᠭᠤᠮ ᠨᠢ ᠲᠤᠰ ᠲᠤᠰ ᠲᠠᠯ᠎ᠠ ᠨᠤᠳᠤᠭ ᠤᠨ ᠬᠤᠪᠢᠰᠬᠠᠯᠳᠤ ᠦᠷᠡᠰ ᠤᠨ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠦᠪᠦᠷ ᠮᠣᠩᠭᠤᠯ ᠤᠨ ᠦᠨᠳᠤᠰᠦᠳᠡᠨ ᠤ ᠴᠢᠯᠦᠬᠡᠯᠡᠬᠦ ᠲᠠᠶᠢᠨ ᠢ ᠲᠡᠮᠳᠡᠭᠯᠡᠬᠦ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠬᠤᠪᠢᠰᠬᠠᠯᠳᠤ ᠰᠤᠷᠭᠠᠨ ᠬᠦᠮᠦᠵᠢᠯ ᠤᠨ ᠪᠤᠯᠪᠠᠰᠤᠷᠠᠯ ᠤᠨ ᠠᠶᠠᠯᠠᠯ ᠵᠢᠭᠤᠯᠴᠢᠯᠠᠯ ᠤᠨ ᠱᠤᠭᠤᠮ᠂ ᠶᠠᠫᠤᠨ ᠢ ᠡᠰᠡᠷᠬᠦᠴᠡᠬᠦ ᠲᠠᠶᠢᠨ ᠢ ᠲᠡᠮᠳᠡᠭᠯᠡᠬᠦ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠬᠤᠶᠠᠳᠤᠭᠠᠷ ᠲᠠᠶᠢᠨ ᠤ ᠹᠠᠱᠢᠰ ᠢ ᠡᠰᠡᠷᠬᠦᠴᠡᠬᠦ ᠲᠠᠶᠢᠨ ᠢ ᠲᠡᠮᠳᠡᠭᠯᠡᠬᠦ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠠᠭᠠᠷ ᠠᠶᠠᠯᠠᠯ ᠤᠨ ᠮᠦᠷᠦᠬᠡᠳᠤᠯ ᠠᠴᠢᠬᠰᠠᠨ ᠬᠤᠪᠢᠰᠬᠠᠯᠳᠤ ᠠᠶᠠᠯᠠᠯ ᠵᠢᠭᠤᠴᠢᠯᠠᠯ ᠤᠨ ᠱᠤᠭᠤᠮ᠂ ᠴᠢᠯᠦᠬᠡᠯᠡᠬᠦ ᠲᠠᠶᠢᠨ ᠢ ᠲᠡᠮᠳᠡᠭᠯᠡᠬᠦ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠬᠢᠯᠢ ᠶᠢᠨ ᠭᠠᠳᠠᠨᠠᠬᠢ ᠶᠠᠫᠤᠨ ᠢ ᠡᠰᠡᠷᠬᠦᠴᠡᠬᠦ ᠲᠠᠶᠢᠨ ᠤ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠶᠠᠫᠤᠨ ᠢ ᠡᠰᠷᠬᠦᠴᠡᠬᠦ ᠲᠠᠶᠢᠨ ᠳᠤ ᠮᠤᠷᠳᠠᠭᠰᠠᠨ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ᠂ ᠲᠤᠮᠤ ᠬᠦᠷᠦᠨ ᠤ ᠴᠢᠬᠤᠯᠠ ᠬᠡᠷᠡᠭᠰᠡᠯ ᠤᠨ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ ᠵᠡᠷᠬᠡ ᠪᠤᠯᠤᠨ᠎ᠠ᠃      ᠤᠶᠢᠯᠠᠭᠠᠭᠰᠠᠨ ᠢᠶᠠᠷ᠂ ᠦᠪᠦᠷ ᠮᠣᠩᠭᠤᠯ ︽ᠬᠤᠪᠢᠰᠬᠠᠯᠳᠤ ᠠᠶᠠᠯᠠᠯ ᠵᠢᠭᠤᠯᠴᠢᠯᠠᠯ + ᠬᠦᠳᠡᠭᠡ ᠲᠤᠰᠬᠤᠨ ᠤ ᠠᠶᠠᠯᠠᠯ ᠵᠢᠭᠤᠯᠴᠢᠯᠠᠯ︾᠂ ︽ᠬᠤᠪᠢᠰᠬᠠᠯᠳᠤ ᠠᠶᠠᠯᠠᠯ ᠵᠢᠭᠤᠯᠴᠢᠯᠠᠯ + ᠰᠤᠷᠭᠠᠨ ᠬᠦᠮᠦᠵᠢᠯ ᠤᠨ ᠪᠤᠯᠪᠠᠰᠤᠷᠠᠯ︾ ᠵᠡᠷᠬᠡ ᠤᠯᠠᠨ ᠬᠡᠯᠪᠡᠷᠢ ᠶᠢ ᠡᠷᠢᠯᠬᠢᠯᠡᠵᠤ᠂ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠪᠠᠶᠠᠯᠢᠭ ᠡᠬᠢ ᠰᠤᠷᠪᠤᠯᠵᠢ ᠪᠠᠷ ᠭᠤᠤᠯ ᠪᠤᠯᠭᠠᠵᠤ᠂ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠰᠤᠷᠭᠠᠨ ᠬᠦᠮᠦᠵᠢᠯ ᠤᠨ ᠴᠢᠳᠠᠮᠵᠢ ᠶᠢ ᠲᠤᠪᠤᠶᠢᠯᠭᠠᠵᠤ᠂ ᠬᠤᠪᠢᠰᠬᠠᠯ ᠤᠨ ᠵᠤᠷᠢᠭ ᠰᠠᠨᠠᠭ᠎ᠠ ᠶᠢ ᠬᠤᠪᠢᠰᠬᠠᠯᠳᠤ ᠠᠶᠠᠯᠠᠯ ᠵᠢᠭᠤᠯᠴᠢᠯᠠᠯ ᠤᠨ ᠱᠤᠭᠤᠮ ᠤᠨ ᠲᠦᠰᠦᠯ᠂ ᠰᠤᠷᠳᠠᠯᠴᠢᠯᠠᠭ᠎ᠠ ᠤᠬᠠᠭᠤᠯᠭ᠎ᠠ ᠪᠤᠯᠤᠨ ᠲᠠᠶᠢᠯᠪᠤᠷᠢ ᠳᠤ ᠠᠭᠤᠰᠤᠯᠴᠠᠭᠤᠯᠵᠤ᠂ ᠦᠪᠦᠷ ᠮᠣᠩᠭᠤᠯ ᠤᠨ ᠬᠤᠪᠢᠰᠬᠠᠯᠳᠤ ᠰᠤᠶᠤᠯ ᠤᠨ ᠠᠶᠠᠯᠠᠯ ᠵᠢᠭᠤᠯᠴᠢᠯᠠᠯ ᠤᠨ ᠪᠷᠧᠨ᠋ᠳ᠋ ᠤᠨ ᠨᠦᠯᠦᠬᠡᠯᠡᠬᠦ ᠬᠦᠴᠦᠨ ᠢ ᠨᠡᠮᠡᠭᠳᠡᠬᠦᠯᠬᠦ ᠪᠤᠯᠤᠨ᠎ᠠ᠃
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ