ᠴᠢᠩ ᠱᠦᠶ ᠾᠧ ᠰᠢᠶᠠᠨ 2019 ᠣᠨ ᠤ ᠤᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠤᠨ ᠠᠵᠢᠯ ᠶᠢᠨ ᠪᠠᠶᠢᠷᠢ ᠳᠤ ᠬᠦᠷᠬᠦ ᠠᠭᠤᠯᠵᠠᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2019-08-07
      8 ᠳ᠋ᠤᠭᠠᠷ ᠰᠠᠷ᠎ᠠ ᠶᠢᠨ 5 ᠤ ᠡᠳᠦᠷ᠂ ᠡᠪᠯᠡᠯ ᠤᠨ ᠬᠤᠷᠢᠶ᠎ᠠ 2019 ᠣᠨ ᠤ ᠤᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠤᠨ ᠠᠵᠢᠯ ᠶᠢᠨ ᠪᠠᠶᠢᠷᠢ ᠳᠤ ᠬᠦᠷᠬᠦ ᠠᠭᠤᠯᠵᠠᠯᠲᠠ ᠶᠢᠨ ᠬᠤᠷᠠᠯ ᠵᠢᠴᠢ ᠪᠠᠷᠠᠭᠤᠨ ᠣᠷᠣᠨ ᠤ ᠲᠥᠯᠥᠪᠯᠡᠭᠡ ᠶᠢᠨ ᠪᠦᠬᠦ ᠤᠯᠤᠰ ᠤᠨ ᠲᠥᠷᠥᠯ ᠵᠦᠶᠯ ᠤᠨ ᠰᠠᠶᠢᠨ ᠳᠤᠷᠠᠴᠤᠳ ᠤᠨ ᠭᠡᠷ᠎ᠡ ᠲᠣᠭᠲᠠᠵᠤ ᠠᠵᠢᠯ ᠶᠢᠨ ᠪᠠᠶᠢᠷᠢ ᠳᠤ ᠭᠠᠷᠬᠤ ᠶᠣᠰᠣᠯᠠᠯ ᠬᠢᠪᠡ᠃ ᠰᠢᠶᠠᠨ ᠤ ᠲᠥᠷᠥᠯ ᠵᠦᠶᠯ ᠤᠨ ᠠᠯᠪᠠᠨ ᠭᠡᠷ  ᠤᠨ ᠬᠠᠷᠢᠭᠤᠴᠠᠯᠭᠠᠲᠠᠨ ᠨᠥᠬᠦᠳ᠂ ᠡᠯ᠎ᠡ ᠬᠥᠮᠦᠨ ᠬᠡᠷᠡᠭᠯᠡᠬᠦ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ 2019 ᠣᠨ ᠤ ᠰᠢᠨ᠎ᠡ ᠬᠤᠪᠢᠶᠠᠷᠢᠯᠠᠭᠰᠠᠨ ᠰᠠᠶᠢᠨ ᠳᠤᠷᠠᠴᠤᠳ ᠵᠢᠴᠢ 2018 ᠣᠨ ᠤ ᠪᠠᠷᠠᠭᠤᠨ ᠣᠷᠣᠨ ᠤ ᠲᠥᠯᠥᠪᠯᠡᠭᠡ  ᠶᠢᠨ ᠰᠠᠶᠢᠨ ᠳᠤᠷᠠᠴᠤᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ 2018 ᠣᠨ ᠤ ᠰᠠᠶᠢᠨ ᠲᠤᠷᠠᠴᠤᠳ ᠶᠢᠨ ᠲᠥᠯᠥᠭᠡᠯᠡᠭᠴᠢ ᠰᠢᠨ᠎ᠡ ᠶᠢ ᠤᠭᠲᠤᠬᠤ ᠶᠠᠷᠢᠶ᠎ᠠ ᠲᠠᠯᠪᠢᠵᠤ᠂ ᠰᠢᠨ᠎ᠡ ᠬᠤᠪᠢᠶᠠᠷᠢᠯᠠᠭᠰᠠᠨ ᠰᠠᠶᠢᠨ ᠲᠤᠷᠠᠴᠤᠳ ᠪᠣᠯᠤᠨ ᠦᠶᠯᠡᠴᠢᠯᠡᠭᠡᠨ ᠤ ᠨᠢᠭᠡᠴᠡ ᠲᠣᠰᠪᠣᠷᠢ ᠶᠠᠷᠢᠶ᠎ᠠ ᠲᠠᠯᠪᠢᠪᠠ᠃ ᠰᠢᠶᠠᠨ ᠤ ᠡᠪᠯᠡᠯ ᠤᠨ ᠬᠤᠷᠢᠶ᠎ᠠ ᠶᠢᠨ ᠳᠡᠳ᠋ ᠱᠦᠵᠢ ᠯᠢᠦ ᠬᠤᠩ ᠰᠢᠶᠠ ᠴᠢᠩ ᠱᠦᠶ ᠾᠧ ᠰᠢᠶᠠᠨ ᠤ ᠦᠨᠳᠦᠰᠦᠨ ᠪᠠᠶᠢᠳᠠᠯ ᠢ ᠳᠥᠭᠦᠮ ᠲᠠᠨᠢᠯᠴᠠᠭᠤᠯᠤᠭᠰᠠᠨ ᠤ ᠬᠠᠮᠲᠤ ᠰᠢᠨ᠎ᠡ ᠨᠢᠭᠡ ᠬᠤᠭᠤᠴᠠᠭᠠᠨ ᠤ ᠰᠠᠶᠢᠨ ᠳᠤᠷᠠᠴᠤᠳ ᠤᠨ ᠠᠵᠢᠯ ᠶᠢᠨ ᠪᠠᠶᠢᠷᠢ ᠶᠢᠨ ᠬᠤᠪᠢᠶᠠᠷᠢᠯᠠᠯᠲᠠ ᠶᠢᠨ ᠪᠠᠶᠢᠳᠠᠯ ᠢ ᠮᠡᠳᠡᠭᠳᠡᠭᠰᠡᠨ ᠪᠥᠭᠡᠳ ᠬᠥᠮᠦᠨ ᠬᠡᠷᠡᠭᠯᠡᠬᠦ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠ ᠰᠠᠶᠢᠨ ᠳᠤᠷᠠᠴᠤᠳ ᠲᠤ ︽ᠤᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ ᠠᠴᠠ ᠪᠠᠨ ᠦᠶᠯᠡᠴᠢᠯᠡᠬᠦ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠭᠯᠠᠭᠴᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠢᠶᠠᠷᠤᠯᠲᠠ ᠶᠢᠨ ᠠᠷᠭ᠎ᠠ︾ ᠶᠢ ᠨᠠᠷᠢᠨ ᠲᠣᠳᠣᠷᠬᠠᠶᠢᠯᠠᠵᠤ᠂ ᠬᠠᠮᠤᠭ ᠰᠡᠭᠦᠯ ᠳᠤ᠂ ︽2019 ᠣᠨ ᠤ ᠬᠥᠬᠡᠬᠤᠲᠠ ᠶᠢᠨ ᠤᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ ᠠᠴᠠ ᠪᠠᠨ ᠦᠶᠯᠡᠴᠢᠯᠡᠬᠦ ᠲᠥᠯᠥᠪᠯᠡᠭᠡ ᠶᠢᠨ ᠦᠶᠯᠡᠴᠢᠯᠡᠭᠡᠨ ᠤ ᠠᠷᠭ᠎ᠠ︾ ᠳᠤ ᠭᠠᠷ ᠤᠨ ᠦᠰᠦᠭ ᠵᠢᠷᠤᠪᠠ᠃      ᠡᠪᠯᠡᠯ ᠤᠨ ᠬᠤᠷᠢᠶ᠎ᠠ ᠶᠢᠨ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠰᠠᠶᠢᠨ ᠳᠤᠷᠠᠴᠤᠳ ︽ᠬᠤᠪᠢ ᠨᠡᠮᠡᠷᠢ ᠦᠵᠡᠭᠦᠯᠬᠦ᠂ ᠨᠥᠬᠦᠷᠰᠡᠭ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠦᠵᠡᠯᠲᠡ ᠲᠠᠨᠢᠯᠲᠠ ᠪᠠᠨ ᠨᠠᠷᠢᠨ ᠬᠢᠨᠠᠮᠠᠭᠠᠶ ᠰᠤᠷᠤᠯᠴᠠᠨ᠂ ᠳᠦᠷᠢ ᠲᠥᠷᠬᠦ ᠳᠡᠭᠡᠨ ᠲᠦᠷᠭᠡᠬᠡᠨ ᠣᠷᠣᠵᠤ᠂ ᠴᠢᠩ ᠱᠦᠶ ᠾᠧ ᠰᠢᠶᠠᠨ ᠤ ᠠᠵᠤ ᠠᠬᠤᠶ ᠨᠡᠢᠭᠡᠮ  ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠶ︔ ᠬᠥᠮᠥᠨ ᠬᠡᠷᠡᠭᠯᠡᠬᠦ ᠨᠢᠭᠡᠴᠡ《 ᠬᠡᠨ ᠬᠥᠮᠥᠨ ᠬᠡᠷᠡᠭᠯᠡᠪᠡᠯ ᠲᠡᠷᠡ ᠠᠰᠢᠭ ᠬᠦᠷᠲᠡᠬᠦ 》ᠵᠠᠷᠴᠢᠮ ᠶᠣᠰᠣᠭᠠᠷ᠂ ᠰᠠᠶᠢᠨ ᠳᠤᠷᠠᠴᠤᠳ ᠲᠤ ᠠᠵᠢᠯ ᠤᠨ ᠡᠭᠦᠷᠭᠡ ᠶᠢ ᠵᠣᠬᠢᠰᠲᠠᠢ ᠲᠣᠬᠢᠷᠠᠭᠤᠯᠵᠤ᠂ ᠠᠮᠢᠳᠤᠷᠠᠯ ᠤᠨ ᠲᠠᠯ᠎ᠠ ᠪᠠᠷ ᠬᠠᠮᠤᠭ ᠤᠨ ᠶᠡᠭᠡ ᠬᠡᠮᠵᠢᠶᠡᠨ ᠤ ᠬᠠᠯᠠᠮᠵᠢᠯᠠᠯ ᠬᠠᠩᠭᠠᠵᠤ᠂ ᠰᠠᠶᠢᠨ ᠳᠤᠷᠠᠴᠤᠳ ᠤᠨ ᠴᠢᠩ ᠱᠦᠶ ᠾᠧ ᠰᠢᠶᠠᠨ ᠳᠤ ᠠᠮᠤᠷ ᠲᠦᠪᠰᠢᠨ ᠤᠷᠤᠭᠰᠢᠲᠠᠢ ᠪᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃    
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号