2019 ᠣᠨ ᠤ ᠬᠦᠬᠡᠬᠤᠲᠠ ᠶᠢᠨ ᠨᠠᠰᠣᠲᠠᠶᠢᠴᠣᠳ ᠤᠨ ᠪᠡᠶ᠎ᠡ ᠴᠢᠭᠢᠷᠠᠭᠵᠢᠭᠤᠯᠬᠤ ᠪᠥᠮᠪᠦᠭᠡ ᠶᠢᠨ ᠲᠠᠮᠢᠷ ᠤᠨ ᠰᠣᠯᠢᠯᠴᠠᠭᠠᠨ ᠤ ᠠᠵᠢᠯᠯᠠᠭ᠎ᠠ ᠬᠤᠷᠢᠨᠭᠡᠷ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019-08-07
     8 ᠳ᠋ᠤᠭᠠᠷ ᠰᠠᠷ᠎ᠠ ᠶᠢᠨ 3 ᠤ ᠡᠳᠦᠷ᠂ 2019 ᠣᠨ ᠤ ᠬᠦᠬᠡᠬᠤᠲᠠ ᠶᠢᠨ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠪᠥᠮᠪᠦᠭᠡ ᠶᠢᠨ ᠲᠠᠮᠢᠷ ᠤᠨ ᠰᠣᠯᠢᠯᠴᠠᠭᠠᠨ ᠤ ᠠᠵᠢᠯᠯᠠᠭ᠎ᠠ ᠮᠠᠨ ᠤ ᠰᠢᠶᠠᠨ ᠤ ᠪᠡᠶ᠎ᠡ ᠲᠠᠮᠢᠷ ᠤᠨ ᠣᠷᠳᠣᠨ ᠳᠤ ᠶᠠᠪᠤᠭᠳᠠᠪᠠ᠃ ᠬᠤᠲᠠ ᠶᠢᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠶᠢᠨ ᠰᠢᠶᠣᠤ᠂ ᠬᠤᠲᠠ ᠶᠢᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠯᠢᠦ ᠱᠢ ᠫᠢᠩ᠂ ᠬᠤᠲᠠ ᠶᠢᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠵᠠᠩ ᠶᠦᠨ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠨᠠᠨ ᠨᠠᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠤᠤ ᠸᠧᠨ ᠵᠦᠩ᠂ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠮᠧᠶ ᠾᠧ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠨᠠᠨ ᠨᠠᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠵᠦ ᠲᠣᠰ ᠤᠳᠠᠭ᠎ᠠ ᠶᠢᠨ ᠰᠣᠯᠢᠯᠴᠠᠭᠠᠨ ᠤ ᠠᠵᠢᠯᠯᠠᠭ᠎ᠠ ᠶᠠᠪᠤᠭᠳᠠᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠨᠠᠨ ᠨᠠᠨ ᠵᠢᠭᠠᠵᠤ ᠭᠠᠷᠭᠠᠭᠰᠠᠨ ᠨᠢ᠂ ᠬᠤᠷᠢᠨᠭᠡᠷ ᠰᠢᠶᠠᠨ ᠠᠷᠪᠠᠨ ᠵᠢᠷᠭᠤᠭᠠᠨ ᠶᠠᠮᠤᠨ ᠬᠤᠷᠢᠶ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠨᠠᠰᠣᠲᠠᠶᠢᠴᠣᠳ ᠤᠨ ᠪᠡᠶ᠎ᠡ ᠴᠢᠭᠢᠷᠠᠭᠵᠢᠭᠤᠯᠬᠤ  ᠪᠡᠯᠡᠳᠬᠡᠮᠵᠢ ᠶᠢ ᠲᠡᠭᠦᠯᠳᠡᠷᠵᠢᠭᠦᠯᠬᠦ ᠶᠢ ᠴᠢᠩᠭᠠᠳᠬᠠᠵᠤ᠂ ᠨᠠᠰᠣᠲᠠᠶᠢᠴᠣᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠠᠩᠬᠠᠷᠤᠨ ᠳᠡᠮᠵᠢᠭᠰᠡᠨ ᠪᠠᠶᠢᠨ᠎ᠠ᠃ ᠰᠢᠶᠠᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠴᠢᠷᠮᠠᠶᠢᠯᠭ᠎ᠠ ᠪᠠᠷ ᠨᠠᠰᠤᠲᠠᠶᠢᠴᠤᠳ ᠤᠨ ᠪᠡᠶ᠎ᠡ ᠲᠠᠮᠢᠷ ᠤᠨ ᠦᠢᠯᠡᠰ ᠢᠯᠡᠳᠲᠡ ᠦᠷ᠎ᠡ ᠪᠦᠲᠦᠮᠵᠢ ᠣᠯᠵᠤ᠂ ᠮᠠᠨ ᠤ ᠰᠢᠶᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠳᠣᠪᠣᠶᠢᠮ᠎ᠠ ᠬᠤᠪᠢ ᠨᠡᠮᠡᠷᠢ ᠦᠵᠡᠭᠦᠯᠪᠡ᠃ ᠲᠣᠰ ᠤᠳᠠᠭᠠᠨ ᠤ ᠬᠦᠬᠡᠬᠤᠲᠠ ᠶᠢᠨ ᠨᠠᠰᠣᠲᠠᠶᠢᠴᠣᠳ ᠤᠨ ᠪᠡᠶ᠎ᠡ ᠴᠢᠭᠢᠷᠠᠭᠵᠢᠭᠤᠯᠬᠤ ᠪᠦᠮᠪᠦᠭᠡ ᠶᠢᠨ ᠲᠠᠮᠢᠷ ᠤᠨ ᠤᠷᠤᠯᠳᠤᠭᠠᠨ ᠮᠠᠨ ᠤ ᠰᠢᠶᠠᠨ ᠳᠤ ᠶᠠᠪᠣᠭᠳᠠᠬᠤ ᠨᠢ ᠮᠠᠨ ᠤ ᠰᠢᠶᠠᠨ ᠤ ᠨᠠᠰᠣᠲᠠᠶᠢᠴᠣᠳ ᠤᠨ ᠪᠡᠶ᠎ᠡ ᠲᠠᠮᠢᠷ ᠤᠨ ᠦᠢᠯᠡᠰ ᠪᠣᠯᠣᠨ ᠪᠡᠶ᠎ᠡ ᠴᠢᠭᠢᠷᠠᠭᠵᠢᠭᠤᠯᠬᠤ ᠪᠥᠮᠪᠦᠭᠡ ᠶᠢᠨ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠦᠨ ᠳᠡᠯᠭᠡᠷᠡᠭᠦᠯᠬᠦ ᠪᠠ ᠬᠥᠭᠵᠢᠭᠦᠯᠬᠦ ᠳᠤ ᠴᠢᠬᠤᠯᠠ ᠲᠦᠯᠬᠢᠴᠡ ᠦᠢᠯᠡᠳᠦᠯ ᠦᠵᠡᠭᠦᠯᠬᠦ ᠪᠣᠯᠤᠨ᠎ᠠ᠃      ᠲᠣᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠳᠤ ᠬᠦᠬᠡᠬᠤᠲᠠ ᠶᠢᠨ ᠪᠡᠶ᠎ᠡ ᠲᠠᠮᠢᠷ ᠤᠨ ᠨᠡᠶᠢᠭᠡᠮᠯᠢᠭ ᠤᠨ ᠨᠢᠭᠡᠳᠦᠭᠡᠷ ᠠᠩᠭᠢ᠂ ᠬᠤᠶᠠᠳᠤᠭᠠᠷ ᠠᠩᠭᠢ᠂ ᠬᠤᠲᠣᠩ ᠠᠷᠠᠳ ᠤᠨ ᠲᠣᠭᠤᠷᠢᠭ᠂ ᠢᠦᠶ ᠴᠢᠤᠸᠠᠨ ᠲᠣᠭᠤᠷᠢᠭ᠂ ᠬᠤᠷᠢᠨᠭᠡᠷ ᠰᠢᠶᠠᠨ᠂ ᠲᠦᠮᠡᠳ ᠵᠡᠭᠦᠨ ᠬᠤᠰᠢᠭᠤ᠂ ᠴᠢᠩ ᠱᠦᠶ ᠾᠧ ᠰᠢᠶᠠᠨ ᠵᠡᠷᠭᠡ 11 ᠲᠥᠯᠥᠭᠡᠯᠡᠭᠴᠢ ᠶᠢᠨ ᠠᠩᠭᠢ ᠨᠡᠶᠢᠲᠡ 100 ᠭᠠᠷᠤᠶ ᠬᠥᠮᠦᠨ ᠣᠷᠣᠯᠴᠠᠵᠠᠶ᠃ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠢᠨ ᠤᠶᠠᠨ ᠵᠥᠭᠡᠯᠡᠨ᠂ ᠭᠤᠶᠢᠳᠠ ᠰᠠᠶᠢᠬᠠᠨ ᠤᠷ᠎ᠠ ᠮᠡᠷᠭᠡᠰᠢᠯ ᠢᠶᠠᠷ ᠬᠢᠨᠠᠭᠴᠢ ᠨᠠᠷ ᠪᠣᠯᠤᠨ ᠬᠠᠯᠠᠭᠤᠨ ᠰᠡᠳᠬᠢᠯᠲᠦ ᠦᠵᠡᠭᠴᠢᠳ ᠤᠨ ᠰᠡᠳᠬᠢᠯ ᠢ ᠪᠠᠶᠠᠰᠬᠠᠵᠤ᠂ ᠨᠠᠰᠤᠲᠠᠶᠢᠴᠤᠳ ᠤᠨ ᠠᠮᠢᠳᠤᠷᠠᠯ ᠳᠤ ᠬᠠᠶᠢᠷᠠᠲᠠᠶ᠂ ᠪᠠᠶᠠᠰᠤᠩᠭᠤᠶ᠂ ᠡᠷᠡᠭᠦᠯ ᠰᠠᠷᠠᠭᠤᠯ ᠥᠭᠡᠳᠡᠷᠬᠡᠭ ᠵᠣᠷᠢᠭ ᠰᠠᠨᠠᠭ᠎ᠠ ᠪᠣᠯᠤᠨ ︽ᠵᠢᠷᠭᠠᠬᠤ ᠨᠡᠷᠡᠨ︾ ᠤ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠬᠤᠷᠢᠨᠭᠡᠷ ᠰᠢᠶᠠᠨ᠂ ᠬᠤᠲᠣᠩ ᠠᠷᠠᠳ ᠤᠨ ᠲᠣᠭᠤᠷᠢᠭ᠂ ᠰᠠᠶᠢᠬᠠᠨ ᠲᠣᠭᠤᠷᠢᠭ᠂ ᠦᠴᠤᠸᠠᠨ ᠰᠢᠶᠠᠨ᠂ ᠲᠣᠭᠲᠠᠬᠤ ᠰᠢᠶᠠᠨ ᠵᠡᠷᠭᠡ 5 ᠲᠥᠯᠥᠭᠡᠯᠡᠭᠴᠢ ᠶᠢᠨ ᠠᠩᠭᠢ ᠲᠣᠰ ᠲᠣᠰ ᠰᠣᠳᠣᠨ ᠱᠠᠩᠨᠠᠯ ᠬᠦᠷᠲᠡᠪᠡ︔ ᠬᠦᠬᠡᠬᠤᠲᠠ ᠶᠢᠨ ᠪᠡᠶ᠎ᠡ ᠲᠠᠮᠢᠷ ᠤᠨ ᠨᠡᠶᠢᠭᠡᠮᠯᠢᠭ ᠤᠨ ᠨᠢᠭᠡᠳᠦᠭᠡᠷ ᠠᠩᠭᠢ᠂ ᠬᠤᠶᠠᠳᠤᠭᠠᠷ ᠠᠩᠭᠢ᠂ ᠢᠦᠶ ᠴᠢᠤᠸᠠᠨ ᠲᠣᠭᠤᠷᠢᠭ᠂ ᠴᠢᠩ ᠱᠦᠶ ᠾᠧ ᠰᠢᠶᠠᠨ᠂ ᠲᠦᠮᠡᠳ ᠵᠡᠭᠦᠨ ᠬᠤᠰᠢᠭᠤ᠂ ᠰᠢᠨ᠎ᠡ ᠬᠤᠲᠠ ᠲᠣᠭᠤᠷᠢᠭ ᠤᠨ 6 ᠲᠦᠯᠦᠭᠡᠯᠡᠭᠴᠢ ᠶᠢᠨ ᠠᠩᠭᠢ ᠲᠣᠰ ᠲᠣᠰ ᠰᠢᠯᠢᠳᠡᠭ ᠱᠠᠩᠨᠠᠯ ᠬᠦᠷᠲᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号