ᠬᠤᠨᠠᠨ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠦᠯᠬᠦᠮ ᠬᠤᠷᠢᠨᠭᠡᠷ ᠰᠢᠶᠠᠨ ᠳᠤ ᠢᠷᠡᠵᠦ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2019-08-07
     8 ᠳ᠋ᠤᠭᠠᠷ ᠰᠠᠷ᠎ᠠ ᠶᠢᠨ 5 ᠤ ᠡᠳᠦᠷ᠂ ᠬᠤᠨᠠᠨ ᠮᠤᠵᠢ ᠶᠢᠨ ᠴᠢ ᠶᠠᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠳ᠋ᠧᠩ ᠰᠢᠶᠣᠤ ᠶᠠᠩ᠂ ᠳᠡᠳ᠋ ᠡᠷᠬᠢᠯᠡᠭᠴᠢ ᠯᠢᠦ ᠱᠤᠸᠠᠩ ᠱᠦᠨ ᠵᠡᠷᠭᠡ 7 ᠬᠦᠮᠦᠨ ᠤ ᠪᠠᠶᠢᠴᠠᠭᠠᠬᠤ ᠪᠦᠯᠬᠦᠮ ᠮᠠᠨ ᠤ ᠰᠢᠶᠠᠨ ᠳᠤ ᠢᠷᠡᠵᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠦᠵᠡᠯ ᠰᠠᠨᠠᠭ᠎ᠠ᠂ ᠲᠥᠪ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠲᠤᠷᠰᠢᠯᠭ᠎ᠠ ᠪᠣᠯᠣᠨ ᠠᠷᠭ᠎ᠠ ᠶᠢ ᠰᠢᠨᠵᠢᠯᠡᠨ ᠪᠠᠶᠢᠴᠠᠭᠠᠪᠠ᠃ ᠬᠤᠷᠢᠨᠭᠡᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠫᠦ᠋ ᠰᠢ ᠸᠠᠨ ᠪᠠᠷ᠎ᠠ ᠪᠣᠯᠪᠠ᠃      ᠪᠠᠶᠢᠴᠠᠭᠠᠬᠤ ᠪᠦᠯᠬᠦᠮ ᠤᠨ ᠬᠢᠨ ᠥᠪᠥᠷ ᠮᠣᠩᠭᠤᠯ ᠤᠨ ᠵᠧᠩ ᠶᠣᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠥᠷᠥᠯ ᠵᠦᠢᠯ ᠤᠨ ᠨᠠᠷᠢᠨ ᠪᠠᠶᠢᠳᠠᠯ ᠤᠨ ᠲᠥᠯᠥᠪᠵᠢᠭᠦᠯᠪᠡ ᠵᠢᠴᠢ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠥᠩᠭᠡᠷᠡᠯᠲᠡ ᠶᠢ ᠪᠡᠶ᠎ᠡ ᠪᠠᠷ ᠢᠶᠠᠨ  ᠣᠶᠢᠯᠠᠭᠠᠭᠰᠠᠨ ᠪᠠᠶᠢᠨ᠎ᠠ᠃ ᠪᠠᠶᠢᠴᠠᠭᠠᠬᠤ ᠪᠦᠯᠬᠦᠮ ᠤᠨ ᠬᠢᠨ ᠥᠪᠥᠷ ᠮᠣᠩᠭᠤᠯ ᠤᠨ ᠵᠧᠩ ᠶᠣᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠣᠬᠢᠷᠲᠤᠯ ᠦᠭᠡᠢ ᠣᠷᠴᠢᠯᠲᠣ ᠲᠠᠷᠢᠶᠠᠯᠠᠩ ᠢ ᠬᠥᠭᠵᠢᠭᠦᠯᠵᠦ᠂ ᠬᠥᠳᠡᠭᠡ ᠲᠣᠰᠬᠤᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠰᠣᠯᠪᠢᠴᠠᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠣᠨ᠂ ᠬᠤᠲᠠ ᠪᠠᠯᠭᠠᠰᠤᠵᠢᠯᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠠᠵᠤ ᠦᠢᠯᠡᠰᠵᠢᠯᠲᠡ ᠪᠠᠷ ᠬᠥᠳᠡᠭᠡ ᠠᠵᠤ ᠠᠬᠤᠶ ᠶᠢ ᠳᠡᠭᠡᠭᠰᠢᠯᠡᠭᠦᠯᠬᠦ᠂ ᠠᠵᠤ ᠦᠢᠯᠡᠳᠪᠦᠷᠢᠵᠢᠯᠲᠡ ᠪᠠᠷ ᠲᠠᠷᠢᠶᠠᠴᠢᠳ ᠢ ᠪᠠᠶᠠᠵᠢᠭᠤᠯᠬᠤ ᠠᠵᠤ ᠠᠬᠤᠶᠢᠯᠠᠯ ᠤᠨ ᠲᠥᠯᠥᠪᠵᠢᠭᠦᠯᠪᠡ ᠪᠣᠯᠤᠨ ᠬᠥᠭᠵᠢᠯᠲᠡ ᠶᠢ ᠨᠤᠲᠠᠯᠠᠵᠤ ᠪᠠᠶᠢᠬᠤ ᠪᠠᠨ ᠢᠯᠡᠳᠬᠡᠪᠡ᠃      ᠫᠦ᠋ ᠰᠢ ᠸᠠᠨ ᠪᠠᠶᠢᠴᠠᠭᠠᠬᠤ ᠪᠦᠯᠬᠦᠮ ᠳᠤ ᠬᠤᠷᠢᠨᠭᠡᠷ ᠰᠢᠶᠠᠨ ᠤ ᠦᠨᠳᠦᠰᠦᠲᠡᠨ ᠤ ᠠᠵᠤ ᠠᠬᠤᠶ ᠵᠢᠴᠢ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠲᠤᠷᠰᠢᠯᠭ᠎ᠠ ᠵᠢᠴᠢ ᠮᠣᠩᠭᠤᠯ ᠬᠡᠯᠡ ᠪᠢᠴᠢᠭ ᠪᠣᠯᠣᠨ ᠵᠠᠬ᠎ᠠ ᠳᠡᠭᠡᠷᠡᠬᠢ ᠫᠠᠶᠢᠰᠠ ᠢᠯᠡᠷᠬᠡᠶᠢᠯᠡᠯ ᠢ ᠰᠢᠢᠳᠪᠦᠷᠢᠯᠡᠬᠦ ᠠᠷᠭ᠎ᠠ ᠶᠢ ᠲᠠᠨᠢᠯᠴᠠᠭᠤᠯᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号