| | | | | | | | | | 8 ᠳ᠋ᠤᠭᠠᠷ ᠰᠠᠷ᠎ᠠ ᠶᠢᠨ 6 ᠤ ᠡᠳᠦᠷ᠂ ᠶᠦᠨᠨᠠᠨ ᠤ ᠶᠠᠩ ᠪᠢ ᠢ ᠦᠨᠳᠦᠰᠦᠲᠡᠨ ᠤ ᠥᠪᠡᠷᠲᠡᠭᠡᠨ ᠵᠠᠰᠠᠬᠤ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠢᠦᠶ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠠᠩ ᡁᠢ ᠺᠦᠶ ᠶᠢᠨ ᠳᠠᠭᠠᠭᠤᠯᠤᠭᠰᠠᠨ ᠪᠠᠶᠢᠴᠠᠭᠠᠬᠤ | ᠪᠦᠯᠬᠦᠮ ᠮᠠᠨ ᠤ ᠰᠢᠶᠠᠨ ᠳᠤ ᠢᠷᠡᠵᠦ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠵᠢᠴᠢ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠵᠡᠷᠭᠡ ᠳᠤ ᠪᠠᠶᠢᠴᠠᠭᠠᠯᠲᠠ ᠬᠢᠪᠡ᠃ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠤᠸᠠᠨ ᡁᠢ᠂ ᠰᠢᠶᠠᠨ ᠤ ᠳᠡᠳ᠋ | ᠳᠠᠷᠤᠭ᠎ᠠ ᠾᠧ ᠹᠧᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠪᠠᠶᠢᠴᠠᠭᠠᠬᠤ ᠪᠦᠯᠬᠦᠮ ᠤᠷᠢᠳ ᠬᠤᠵᠢᠳ ᠮᠠᠨ ᠤ ᠰᠢᠶᠠᠨ ᠤ ᠹᠦ᠋ ᠶᠤᠸᠠᠨ ᠮᠠᠯ ᠠᠵᠤ ᠠᠬᠤᠶ᠂ ᠮᠧᠩ | ᠨᠢᠦ ᠶᠢᠨ ᠵᠢᠷᠭᠤᠳᠤᠭᠠᠷ ᠬᠤᠭᠤᠴᠠᠭ᠎ᠠ᠂ ᠱᠧᠩ ᠯᠧ ᠮᠦᠽᠧᠶ᠂ ᠮᠧᠩ ᠼᠤᠤ ᠡᠪᠡᠰᠦ ᠴᠡᠴᠡᠭ ᠤᠨ ᠬᠦᠷᠢᠶᠡᠯᠡᠩ᠂ | ᠰᠠᠢ ᠺᠧ ᠰᠢᠩ ᠠᠮᠢᠳᠤ ᠪᠣᠳᠠᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠳᠤᠮᠳᠠᠳᠤ ᠣᠯᠣᠰ ᠤᠨ | ᠴᠠᠬᠢᠯᠭᠠᠨ ᠬᠤᠯᠪᠣᠭᠠᠨ ᠤ ᠥᠪᠥᠷ ᠮᠣᠩᠭᠤᠯ ᠤᠨ ᠮᠡᠳᠡᠭᠡ ᠵᠠᠩᠭᠢ ᠶᠢᠨ ᠬᠦᠷᠢᠶᠡᠯᠡᠩ᠂ ᠲᠥᠪᠯᠡᠷᠡᠯ ᠤᠨ ᠣᠷᠣᠨ ᠤ | ᠠᠵᠤ ᠠᠬᠤᠶᠢᠯᠠᠯ ᠤᠨ ᠶᠡᠷᠦᠩᠬᠡᠶ ᠬᠡᠯᠲᠡᠰ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠪᠠ᠃ | ᠰᠢᠨᠵᠢᠯᠡᠨ ᠪᠠᠶᠢᠴᠠᠭᠠᠵᠣ ᠪᠠᠶᠢᠭ᠎ᠠ ᠬᠤᠭᠤᠴᠠᠭᠠᠨ ᠳᠤ᠂ ᠪᠠᠶᠢᠴᠠᠭᠠᠬᠤ ᠪᠦᠯᠬᠦᠮ ᠡᠯ᠎ᠡ ᠠᠵᠤ ᠠᠬᠤᠶᠢᠯᠠᠯ ᠤᠨ | ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠣᠯᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠮᠠᠨ ᠤ ᠰᠢᠶᠠᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠬᠦ ᠦᠢᠯᠡᠰ᠂ ᠡᠭᠦᠯᠡᠨ ᠪᠣᠳᠣᠯᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ | ᠠᠬᠢᠭᠤᠯᠬᠤ ᠪᠠ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠬᠦ ᠲᠠᠯ᠎ᠠ ᠪᠠᠷ ᠬᠢ ᠭᠤᠤᠯ | ᠠᠷᠭ᠎ᠠ ᠠᠪᠴᠠᠯ ᠢ ᠨᠠᠷᠢᠨ ᠣᠶᠢᠯᠠᠭᠠᠪᠠ᠃ | ᠪᠦᠯᠬᠦᠮ ᠤᠨ ᠪᠦᠷᠢᠯᠳᠦᠬᠦᠨ ᠨᠡᠷ ᠮᠠᠨ ᠤ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠢᠳᠡᠪᠬᠢᠲᠡᠢ | ᠦᠨᠡᠯᠡᠯᠲᠡ ᠥᠭᠪᠡ᠃ ᠲᠡᠳᠡ ᠢᠯᠡᠷᠬᠡᠶᠢᠯᠡᠭᠰᠡᠨ ᠨᠢ᠂ ᠬᠤᠷᠢᠨᠭᠡᠷ ᠰᠢᠶᠠᠨ ᠰᠠᠨᠠᠭᠠᠴᠢᠯᠠᠭ᠎ᠠ ᠠᠴᠠ ᠪᠠᠨ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ | ᠠᠰᠢᠭ ᠢ ᠳᠡᠭᠡᠭᠰᠢᠯᠡᠭᠦᠯᠬᠦ ᠪᠠᠷ ᠭᠤᠤᠯᠳᠠᠭᠤᠯᠵᠤ᠂ ᠪᠣᠬᠢᠷᠳᠣᠯ ᠦᠭᠡᠢ ᠢᠳᠡᠭᠡᠨ᠂ ᠡᠭᠦᠯᠡᠨ ᠪᠣᠳᠣᠯᠲᠠ ᠶᠢᠨ ᠲᠣᠮᠣ | ᠳ᠋ᠠᠶᠢᠲ᠋ᠠ᠂ ᠠᠮᠢ ᠠᠬᠤᠢ ᠶᠢᠨ ᠵᠢᠭᠤᠯᠴᠢᠯᠠᠯ᠂ ᠴᠠᠬᠢᠯᠭᠠᠨ ᠬᠦᠴᠦᠨ᠂ ᠪᠠᠷᠠᠭ᠎ᠠ ᠶᠢᠨ ᠭᠦᠢᠯᠭᠡᠭᠡ ᠵᠡᠷᠭᠡ ᠨᠢᠭᠡ ᠪᠦᠯᠦᠭ | ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠦᠷᠢᠯᠳᠦᠭᠦᠯᠵᠦ᠂ ᠲᠤᠷᠰᠢᠯᠭ᠎ᠠ ᠪᠣᠯᠤᠨ ᠠᠷᠭ᠎ᠠ ᠠᠪᠴᠠᠯ ᠨᠢ | ᠰᠤᠷᠤᠯᠴᠠᠭᠤᠰᠢᠲᠠᠢ ᠶᠤᠮ᠂ ᠬᠤᠶᠠᠷ ᠭᠠᠵᠠᠷ ᠤᠨ ᠬᠢᠨ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ | ᠰᠤᠷᠤᠯᠴᠠᠵᠤ ᠬᠠᠷᠢᠯᠴᠠᠨ ᠲᠣᠯᠢ ᠪᠣᠯᠭᠠᠵᠤ᠂ ᠲᠣᠰ ᠲᠣᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ |