ᠶᠦᠨ ᠬᠠᠢ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠶᠢ ᠳᠠᠭᠠᠭᠤᠯᠤᠨ《 ᠨᠠᠢᠮᠠᠳᠤᠭᠠᠷ ᠰᠠᠷ᠎ᠠ ᠶᠢᠨ ᠨᠢᠭᠡᠨ》 ᠤ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-08-08
    《ᠨᠠᠢᠮᠠᠳᠤᠭᠠᠷ ᠰᠠᠷ᠎ᠠ ᠶᠢᠨ ᠨᠢᠭᠡᠨ》 ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠬᠦᠷᠴᠤ ᠢᠷᠡᠬᠦ ᠲᠠᠰᠢᠷᠠᠮ ᠢᠶᠠᠷ᠂ 7 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠶᠢ ᠳᠠᠭᠠᠭᠤᠯᠤᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠢᠴᠢ ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ ᠶᠢᠨ ᠰᠠᠭᠤᠭ᠎ᠠ ᠭᠠᠵᠠᠷ ᠤᠨ ᠴᠡᠷᠢᠭ ᠪᠠᠶᠢᠯᠳᠤᠭᠴᠢ ᠶᠢ ᠪᠣᠯᠭᠤᠭᠠᠨ ᠲᠣᠬᠤᠨᠢᠭᠤᠯᠵᠤ᠂ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠦᠩᠨᠡᠯ ᠳᠡᠪᠰᠢᠭᠦᠯᠦᠭᠰᠡᠨ ᠪᠥᠭᠡᠳ ᠲᠣᠬᠤᠨᠢᠭᠤᠯᠭ᠎ᠠ ᠶᠢᠨ ᠮᠥᠩᠭᠦ ᠬᠦᠷᠭᠡᠪᠡ᠃      ᠪᠥᠬᠦ ᠰᠢᠶᠠᠨ ᠤ ᠠᠷᠠᠳ ᠲᠦᠮᠡᠨ ᠤ ᠭᠦᠨ ᠵᠤᠵᠠᠭᠠᠨ ᠨᠠᠶᠢᠷ ᠰᠡᠳᠬᠢᠯᠭᠡ ᠶᠢ ᠡᠪᠦᠷᠯᠡᠨ᠂ ᠶᠦᠨ ᠬᠠᠢ ᠥᠷᠭᠡᠨ ᠣᠯᠠᠨ ᠳᠠᠷᠤᠭ᠎ᠠ ᠪᠠᠶᠢᠯᠳᠤᠭᠴᠢᠳ ᠲᠠᠢ ᠨᠢᠭᠡᠳ ᠨᠢᠭᠡ ᠪᠠᠷ ᠭᠠᠷ ᠠᠳᠬᠤᠨ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯᠤᠨ ᠦᠴᠤᠸᠠᠨ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠶᠠᠷᠢᠯᠴᠠᠪᠠ᠃ ᠶᠦᠨ ᠬᠠᠢ ᠵᠢᠭᠠᠵᠤ ᠭᠠᠷᠭᠠᠭᠰᠠᠨ ᠨᠢ᠂ ᠤᠷᠲᠤ ᠬᠤᠭᠤᠴᠠᠭᠠᠨ ᠤ ᠲᠤᠷᠰᠢ᠂ ᠥᠷᠭᠡᠨ ᠣᠯᠠᠨ ᠳᠠᠷᠤᠭ᠎ᠠ ᠪᠠᠶᠢᠯᠳᠤᠭᠴᠢᠳ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠠᠮᠵᠢᠵᠤ᠂ ᠲᠣᠭᠲᠠᠭᠤᠨ ᠢ ᠬᠠᠮᠠᠭᠠᠯᠠᠬᠤ᠂ ᠭᠠᠮᠰᠢᠭ ᠠᠴᠠ ᠠᠪᠤᠷᠠᠬᠤ᠂ ᠠᠮᠤᠷ ᠲᠦᠪᠰᠢᠨ ᠢ ᠬᠠᠮᠠᠭᠠᠯᠠᠬᠤ᠂ ᠶᠠᠳᠠᠭᠤ ᠶᠢ ᠲᠡᠳᠬᠦᠵᠦ  ᠵᠦᠳᠡᠭᠦᠤ ᠶᠢ ᠲᠤᠰᠠᠯᠠᠬᠤ ᠵᠡᠷᠭᠡ ᠪᠠᠴᠢᠮ ᠪᠡᠷᠬᠡ ᠠᠶᠤᠯᠲᠠᠶ ᠬᠦᠨᠳᠦ ᠡᠭᠦᠷᠭᠡ ᠶᠢᠨ ᠳᠤᠮᠳᠠ ᠣᠷᠣᠯᠠᠭᠤᠯᠵᠤ ᠪᠣᠯᠤᠰᠢ ᠦᠭᠡᠢ ᠦᠢᠯᠡᠳᠦᠯ ᠢᠶᠠᠨ ᠪᠠᠳᠠᠷᠠᠭᠤᠯᠪᠠ᠃ ᠥᠷᠭᠡᠨ ᠣᠯᠠᠨ ᠳᠠᠷᠤᠭ᠎ᠠ ᠪᠠᠶᠢᠯᠳᠤᠭᠴᠢᠳ ᠤᠨ ᠨᠠᠮ ᠤᠨ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠠᠩᠭᠢ ᠶᠢᠨ ᠣᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠤᠯᠤᠰ ᠲᠥᠷᠦ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠴᠡᠷᠢᠭ ᠤᠨ ᠶᠠᠪᠤᠳᠠᠯ ᠤᠨ  ᠪᠤᠯᠪᠠᠰᠤᠷᠠᠭᠤᠯᠤᠯ ᠢ ᠴᠢᠩᠭᠠᠳᠬᠠᠵᠤ᠂ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠦᠴᠤᠸᠠᠨ ᠰᠢᠶᠠᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠳᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠪᠡ᠃      ᠳᠠᠷᠠᠭ᠎ᠠ ᠨᠢ᠂ ᠶᠦᠨ ᠬᠠᠶ ᠨᠠᠷ ︽ᠦᠴᠤᠸᠠᠨ ᠰᠢᠶᠠᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ︿ᠴᠡᠷᠢᠭ ᠤᠨ ᠶᠠᠪᠤᠳᠠᠯ ᠤᠨ ᠡᠳᠦᠷᠯᠢᠭ﹀ ᠤᠨ ᠠᠵᠢᠯᠯᠠᠭ᠎ᠠ︾ ᠳᠤ ᠣᠷᠣᠯᠴᠠᠵᠤ᠂ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠲᠠᠢ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠢ ᠬᠠᠮᠲᠤᠪᠠᠷ ᠥᠩᠭᠡᠷᠡᠭᠦᠯᠪᠡ᠃ ︵ᠯᠢ ᠯᠢ ᠴᠢᠶᠦ᠋ᠨ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号