ᠣᠶᠢᠷ᠎ᠠ ᠶᠢᠨ ᠡᠳᠦᠷ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠦᠴᠤᠸᠠᠨ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ | ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠢᠦᠶ ᠷᠦᠢ᠂ ᠸᠠᠩ ᠶᠤᠸᠠᠢ ᠬᠤᠩ᠂ ᠯᠢᠦᠶ ᡁᠢ ᠭᠠᠩ᠂ ᠵᠠᠩ ᠬᠠᠢ | ᠲᠤᠤ᠂ ᠯᠢ ᠶᠢᠩ ᠴᠦᠨ᠂ ᠷᠧᠨ ᠶᠠᠨ ᠰᠢᠶᠠᠩ᠂ ᠪᠠᠲᠤ᠂ ᠠᠨ ᠮᠢᠶᠣᠣ ᠵᠢᠴᠢ ᠵᠠᠰᠠᠭ ᠤᠨ ᠣᠷᠳᠣᠨ ᠤ ᠠᠯᠪᠠᠨ ᠭᠡᠷ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠣᠯᠤᠨ ᠡᠯ᠎ᠡ ᠰᠢᠶᠠᠩ ᠪᠠᠯᠭᠠᠰᠤᠨ ᠤ ᠳᠠᠷᠤᠭ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠥᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ | ᠲᠡᠳᠬᠦᠬᠦ ᠠᠯᠪᠠᠨ ᠭᠡᠷ ᠤᠨ ︽ᠠᠷᠢᠭᠤᠨ ᠴᠢᠬᠡᠴᠢ ᠪᠠᠷ ᠶᠠᠳᠠᠭᠤ ᠶᠢ ᠲᠡᠳᠬᠦᠬᠦ ᠢᠯᠠ ᠲᠣᠳᠣ ᠶᠠᠳᠠᠭᠤ ᠶᠢ | ᠲᠡᠳᠬᠦᠬᠦ ᠶᠢ ᠴᠢᠨᠠᠭᠰᠢᠳᠠ ᠴᠢᠩᠭᠠᠳᠬᠠᠬᠤ ᠲᠤᠬᠠᠶ ᠮᠡᠳᠡᠭᠳᠡᠯ︾ ᠵᠢᠴᠢ ︽ᠶᠠᠳᠠᠭᠤ ᠬᠦᠴᠢᠷᠳᠡᠯᠲᠡᠶ ᠰᠢᠶᠠᠨ ᠤ | ᠬᠢᠵᠠᠭᠠᠷᠯᠠᠬᠤ ᠲᠣᠭᠲᠠᠴᠠ ᠶᠢ ᠴᠢᠨᠠᠭᠰᠢᠳᠠ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠰᠤᠷᠤᠯᠴᠠᠪᠠ︔ ᠵᠠᠬᠢᠳᠠᠯ | ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠳᠣᠪᠤᠶᠢᠮ᠎ᠠ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ | ᠶᠡᠭᠡ ᠪᠠᠷ ᠰᠢᠢᠳᠪᠦᠷᠢᠯᠡᠬᠦ ᠶᠡᠭᠡ ᠪᠠᠷ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠤᠯᠲᠠ ᠶᠢᠨ | ᠠᠬᠢᠴᠠ ᠶᠢᠨ ᠪᠠᠶᠢᠳᠠᠯ ᠢ ᠰᠣᠨᠣᠰᠪᠠ︔ 2019 ᠣᠨ ᠤ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠪᠠ ︽ᠶᠤᠤᠮᠠᠢ ᠶᠢᠨ | ᠰᠣᠶᠣᠯ ᠤᠨ ᠨᠠᠶᠢᠷ ᠤᠨ ᠬᠡᠷᠡᠭᠵᠢᠭᠦᠯᠬᠦ ᠲᠥᠰᠦᠯ ︵ᠶᠠᠷᠢᠯᠴᠠᠬᠤ ᠨᠣᠣᠷᠠᠭ︶︾ ᠵᠡᠷᠭᠡ ᠬᠡᠷᠡᠭ ᠶᠠᠪᠤᠳᠠᠯ ᠢ ᠰᠤᠳᠤᠯᠪᠠ | ᠃ | ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠡᠨᠡ ᠤᠳᠠᠭ᠎ᠠ ᠶᠢᠨ ᠥᠪᠥᠷ | ᠮᠣᠩᠭᠤᠯ ᠳᠠᠬᠢ ᠰᠢᠨᠵᠢᠯᠡᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ | ᠤᠬᠠᠭᠤᠯᠤᠨ ᠲᠤᠭᠤᠰᠢᠯᠠᠭᠤᠯᠵᠤ᠂ ᠤᠯᠤᠰ ᠲᠥᠷᠦ ᠶᠢᠨ ᠵᠣᠭᠰᠤᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ᠂ ᠤᠬᠠᠭᠤᠯᠤᠨ ᠲᠠᠶᠢᠯᠪᠤᠷᠢᠯᠠᠬᠤ ᠪᠠ ᠰᠤᠷᠤᠯᠴᠠᠨ ᠶᠠᠷᠢᠯᠴᠠᠬᠤ ᠪᠠᠨ ᠴᠢᠩᠭᠠᠳᠬᠠᠵᠤ | ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠦᠳᠲᠡᠷ ᠲᠦᠷᠭᠡᠨ ᠥᠷᠨᠢᠭᠦᠯᠬᠦ ᠬᠡᠷᠡᠭᠲᠡᠶ᠃ ᠡᠯ᠎ᠡ | ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ | ᠠᠵᠢᠯ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠢᠳᠡᠪᠬᠢᠲᠡᠢ ᠰᠤᠳᠤᠯᠵᠤ᠂ | ᠴᠢᠳᠠᠮᠵᠢ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠬᠠᠮᠵᠢᠯᠴᠠᠬᠤ ᠪᠠᠨ ᠴᠢᠩᠭᠠᠳᠬᠠᠨ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠪᠡ᠃ ︵ᠳ᠋ᠤᠸᠠᠨ ᠴᠢ ᠹᠧᠩ︶ |