8 ᠳ᠋ᠤᠭᠠᠷ ᠰᠠᠷ᠎ᠠ ᠶᠢᠨ 7 ᠤ ᠡᠳᠦᠷ᠂ ᠴᠢᠩ ᠱᠦᠶ ᠾᠧ ᠰᠢᠶᠠᠨ ᠪᠦᠬᠦ ᠰᠢᠶᠠᠨ ᠤ ᠶᠠᠳᠠᠭᠤ ᠶᠢ ᠲᠡᠳᠬᠦᠬᠦ | ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ 2019 ᠣᠨ ᠤ 15 ᠳ᠋ᠤᠭᠠᠷ ᠤᠳᠠᠭ᠎ᠠ ᠶᠢᠨ ᠬᠤᠷᠠᠯ | ᠵᠢᠴᠢ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ᠂ | 2018 ᠣᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠬᠢᠨᠠᠨ ᠰᠢᠯᠭᠠᠵᠤ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ᠂ ᠶᠠᠳᠠᠭᠤ ᠶᠢ ᠲᠡᠳᠬᠦᠬᠦ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠲᠣᠬᠢᠷᠠᠭᠤᠯᠬᠤ ᠬᠤᠷᠠᠯ ᠬᠤᠷᠠᠯᠳᠤᠭᠤᠯᠪᠠ᠃ | ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠵᠠᠩ ᠺᠧ ᠯᠢᠩ ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ᠵᠠᠩ ᠺᠧ ᠯᠢᠩ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠡᠮᠦᠨ᠎ᠡ ᠬᠡᠰᠡᠭ ᠬᠤᠭᠤᠴᠠᠭᠠᠨ ᠤ ᠡᠯ᠎ᠡ ᠲᠤᠰᠬᠠᠶ | ᠠᠬᠢᠭᠤᠯᠬᠤ ᠳᠤᠭᠤᠶᠢᠯᠠᠩ ᠪᠣᠯᠤᠨ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠥᠪ | ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ᠂ 2018 ᠣᠨ ᠤ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠦᠷ᠎ᠡ | ᠪᠦᠲᠦᠮᠵᠢ ᠶᠢ ᠬᠢᠨᠠᠨ ᠰᠢᠯᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠢᠴᠢ ᠶᠠᠳᠠᠭᠤ | ᠶᠢ ᠲᠡᠳᠬᠦᠬᠦ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ᠡᠮᠦᠨ᠎ᠡ ᠨᠢᠭᠡ ᠬᠤᠭᠤᠴᠠᠭᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠨᠡᠶᠢᠲᠡᠯᠡᠭᠰᠡᠨ ᠤ ᠬᠠᠮᠲᠤ ᠦᠷ᠎ᠡ ᠪᠦᠲᠦᠮᠵᠢ ᠶᠢ ᠬᠢᠨᠠᠨ ᠰᠢᠯᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠰᠢᠮᠳᠠᠭᠤᠯᠤᠨ ᠪᠠᠢᠴᠠᠭᠠᠬᠤ ᠲᠣᠭᠤᠷᠢᠨ ᠪᠠᠢᠴᠠᠭᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠬᠤᠷᠠᠯ ᠳᠤ ᠣᠷᠣᠯᠴᠠᠭᠰᠠᠨ ᠪᠥᠭᠡᠳ | ᠶᠠᠷᠢᠶ᠎ᠠ ᠲᠠᠯᠪᠢᠪᠠ᠂ ᠲᠡᠷᠡ ᠴᠢᠬᠤᠯᠠᠴᠢᠯᠠᠭᠰᠠᠨ ᠨᠢ᠂ ᠨᠢᠭᠡ ᠳᠤ ᠡᠷᠬᠡᠪᠰᠢ ᠪᠣᠭᠤᠮᠲᠠ ᠰᠢᠪᠲᠤᠯᠬᠤ ᠡᠷᠴᠢ ᠵᠣᠷᠢᠭ | ᠢᠶᠠᠨ ᠰᠤᠯᠠᠷᠠᠭᠤᠯᠬᠤ ᠦᠭᠡᠢ ᠪᠠᠶᠢᠬᠤ ᠬᠡᠷᠡᠭᠲᠡᠶ᠃ ᠡᠯ᠎ᠡ ᠠᠬᠢᠭᠤᠯᠬᠤ ᠳᠤᠭᠤᠶᠢᠯᠠᠩ ᠤᠨ ᠬᠢᠨ ᠵᠠᠪᠠᠯ ᠪᠠᠷᠢᠮᠵᠢᠶ᠎ᠠ ᠲᠠᠢ | ᠬᠠᠷᠢᠴᠠᠭᠤᠯᠬᠤ ᠬᠦᠰᠦᠨᠦᠭᠲᠦ ᠲᠠᠢ ᠬᠠᠷᠭᠤᠭᠤᠯᠵᠤ᠂ ᠦᠳᠲᠡᠷ ᠲᠦᠷᠭᠡᠨ ᠵᠥᠷᠢᠶ᠎ᠡ ᠪᠠᠨ ᠡᠷᠢᠨ ᠪᠠᠭᠠᠰᠬᠠᠵᠤ᠂ | ᠬᠦᠷᠦᠯᠴᠡᠬᠦ ᠦᠭᠡᠢ ᠪᠠᠨ ᠴᠡᠭᠴᠡᠯᠡᠨ ᠰᠠᠶᠢᠵᠢᠷᠠᠭᠤᠯᠵᠤ᠂ ᠥᠪᠡᠷ ᠢᠶᠠᠨ ᠪᠠᠶᠢᠴᠠᠭᠠᠵᠤ ᠥᠪᠡᠷ ᠢᠶᠠᠷ ᠵᠠᠯᠠᠷᠠᠭᠤᠯᠬᠤ ᠶᠢ | ᠪᠦᠬᠦ ᠲᠠᠯ᠎ᠠ ᠪᠠᠷ ᠥᠷᠨᠢᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠳᠤ ᠥᠨᠴᠥᠭ | ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃ ᠬᠤᠶᠠᠷ ᠲᠤ ᠲᠣᠭᠤᠷᠢᠨ ᠪᠠᠶᠢᠴᠠᠭᠠᠯᠲᠠ ᠶᠢᠨ | ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠳᠤ | ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠡᠨᠡ ᠤᠳᠠᠭ᠎ᠠ ᠶᠢᠨ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠰᠢᠮᠳᠠᠭᠤᠯᠤᠨ | ᠪᠠᠢᠴᠠᠭᠠᠬᠤ ᠲᠣᠭᠤᠷᠢᠨ ᠪᠠᠶᠢᠴᠠᠭᠠᠬᠤ ᠪᠡᠯᠡᠳᠬᠡᠯ ᠠᠵᠢᠯ ᠲᠠᠢ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ | ᠶᠠᠪᠤᠴᠠ ᠶᠢ ᠠᠵᠢᠯ ᠢᠶᠠᠨ ᠠᠬᠢᠭᠤᠯᠬᠤ᠂ ᠲᠦᠪᠰᠢᠨ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠵᠤ᠂ ᠠᠰᠠᠭᠤᠳᠠᠯ ᠢ | ᠲᠦᠯᠪᠤᠷᠢᠲᠠᠢ ᠪᠠᠶᠢᠴᠠᠭᠠᠵᠤ ᠲᠦᠯᠪᠤᠷᠢᠲᠠᠢ ᠰᠠᠶᠢᠵᠢᠷᠠᠭᠤᠯᠬᠤ ᠪᠠᠷ ᠳᠠᠮᠵᠢᠭᠤᠯᠵᠤ᠂ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠪᠦᠬᠦ ᠲᠠᠯ᠎ᠠ ᠪᠠᠷ ᠴᠠᠭᠠᠷᠠᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ ᠰᠢᠮᠳᠠᠭᠤᠯᠤᠨ | ᠪᠠᠶᠢᠴᠠᠭᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠢᠯᠡᠷᠡᠭᠦᠯᠦᠭᠰᠡᠨ ᠠᠰᠠᠭᠤᠳᠠᠯ ᠢ ᠵᠠᠷᠯᠠᠨ | ᠮᠡᠳᠡᠭᠳᠡᠬᠦ ᠶᠣᠰᠣᠲᠠᠶ ᠶᠢ ᠨᠢ ᠨᠡᠶᠢᠲᠡᠯᠡᠵᠦ᠂ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠶᠢ ᠨᠢ ᠨᠡᠬᠡᠮᠵᠢᠯᠡᠵᠦ᠂ | ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ ᠭᠡᠵᠡᠢ᠃ | ᠥᠪᠡᠷᠲᠡᠭᠡᠨ ᠵᠠᠰᠠᠬᠤ ᠣᠷᠣᠨ ᠠᠴᠠ ᠴᠢᠩ ᠱᠦᠶ ᠾᠧ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠶᠡᠷᠦᠩᠬᠡᠶ ᠠᠩᠭᠢ᠂ ᠬᠤᠳᠠ ᠠᠴᠠ ᠲᠣᠮᠢᠯᠠᠨ | ᠰᠠᠭᠤᠯᠭᠠᠭᠰᠠᠨ ᠴᠢᠩ ᠱᠦᠶ ᠾᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠮᠳᠠᠭᠤᠯᠤᠨ ᠵᠢᠯᠣᠭᠤᠳᠬᠤ ᠳᠤᠭᠤᠶᠢᠯᠠᠩ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ | ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠢᠶᠠᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠡᠯ᠎ᠡ ᠠᠬᠢᠭᠤᠯᠬᠤ ᠳᠤᠭᠤᠶᠢᠯᠠᠩ ᠤᠨ ᠳᠠᠷᠤᠭ᠎ᠠ᠂ ᠰᠢᠶᠠᠨ ᠤ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠰᠢᠶᠠᠩ ᠪᠠᠯᠭᠠᠰᠤᠨ | ᠤ ᠨᠠᠮ ᠤᠨ ᠬᠤᠷᠢᠶ᠎ᠠ ᠶᠢᠨ ᠱᠦᠵᠢ ᠪᠤᠶᠤ ᠰᠢᠶᠠᠩ ᠪᠠᠯᠭᠠᠰᠤᠨ ᠤ ᠳᠠᠷᠤᠭ᠎ᠠ᠂ ᠬᠤᠪᠢᠳᠠᠨ ᠬᠠᠮᠢᠶᠠᠷᠬᠤ | ᠤᠳᠤᠷᠢᠳᠤᠯᠭ᠎ᠠ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠪᠠᠭ ᠤᠨ ᠪᠦᠷᠢᠯᠳᠦᠬᠦᠨ ᠵᠢᠴᠢ ᠬᠠᠮᠢᠶ᠎ᠠ | ᠪᠦᠬᠦᠢ ᠠᠵᠢᠯᠲᠠᠨ ᠬᠤᠷᠠᠯ ᠳᠤ ᠣᠷᠣᠯᠴᠠᠪᠠ᠃ |