ᠬᠥᠬᠡᠬᠤᠲᠠ᠂ ᠲᠣᠭᠲᠠᠬᠤ ᠶᠢᠰᠦᠳᠦᠭᠡᠷ ᠬᠤᠭᠤᠴᠠᠭᠠᠨ ᠤ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ ᠨᠠᠶᠢᠷ 18 ᠤ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2019-08-09
      ᠬᠥᠬᠡᠬᠤᠲᠠ ᠶᠢᠨ ᠣᠷᠣᠢ  ᠰᠣᠨᠢᠨ ᠤ ᠮᠡᠳᠡᠭᠡ  ︵ᠰᠤᠷᠪᠤᠯᠵᠢᠯᠠᠭᠴᠢ ᠸᠠᠩ ᠱᠣᠣ ᠺᠠᠶ︶ ᠥᠴᠥᠭᠡᠳᠦᠷ᠂ ᠬᠥᠬᠡᠬᠤᠲᠠ · ᠲᠣᠭᠲᠠᠬᠤ ᠶᠢᠰᠦᠳᠦᠭᠡᠷ ᠬᠤᠭᠤᠴᠠᠭᠠᠨ ᠤ ︽ᠬᠠᠳᠤᠨ ᠭᠤᠤᠯ ᠤᠨ ᠰᠣᠶᠣᠯ ᠵᠢᠭᠤᠯᠴᠢᠯᠠᠯ ᠤᠨ ᠨᠠᠶᠢᠷ︾ ᠮᠠᠨ ᠤ ᠬᠤᠲᠠ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠬᠥᠬᠡᠬᠤᠲᠠ · ᠲᠣᠭᠲᠠᠬᠤ ᠶᠢᠰᠦᠳᠦᠭᠡᠷ ᠬᠤᠭᠤᠴᠠᠭᠠᠨ ᠤ ᠬᠠᠳᠤᠨ ᠭᠤᠤᠯ ᠤᠨ ᠰᠣᠶᠣᠯ ᠵᠢᠭᠤᠯᠴᠢᠯᠠᠯ ᠤᠨ ᠨᠠᠶᠢᠷ 8 ᠳ᠋ᠤᠭᠠᠷ ᠰᠠᠷ᠎ᠠ ᠶᠢᠨ 18 ᠤ ᠡᠳᠦᠷ ᠵᠢᠩᠬᠢᠨᠢ ᠪᠠᠷ ᠡᠬᠢᠯᠡᠵᠦ 9 ᠳ᠋ᠦ᠋ᠭᠡᠷ ᠰᠠᠷ᠎ᠠ ᠳᠤ ᠲᠡᠭᠦᠰᠦᠨ᠎ᠡ᠃     ︽ᠬᠠᠲᠤᠨ ᠭᠤᠣᠯ ᠢᠶᠠᠨ ᠬᠠᠶᠢᠷᠠᠯᠠᠵᠤ᠂ ᠲᠣᠭᠲᠠᠬᠤ ᠶᠢ ᠬᠠᠮᠲᠤ ᠪᠠᠷ ᠪᠦᠲᠦᠭᠡᠨ ᠪᠠᠶᠢᠭᠤᠯᠬᠤ︾ ᠪᠠᠷ ᠭᠤᠤᠯ ᠰᠡᠳᠦᠪ ᠪᠤᠯᠭᠠᠭᠰᠠᠨ ᠬᠦᠬᠡᠬᠤᠳᠠ᠂ ᠲᠣᠭᠲᠠᠬᠤ ᠶᠢᠰᠦᠳᠦᠭᠡᠷ ᠬᠤᠭᠤᠴᠠᠭᠠᠨ  ᠤ ᠬᠠᠳᠤᠨ ᠭᠤᠣᠯ ᠤᠨ ᠰᠤᠶᠤᠯ ᠵᠢᠭᠤᠯᠴᠢᠯᠠᠯ ᠤᠨ ᠨᠠᠶᠢᠷ ᠤᠨ ᠡᠬᠢᠯᠡᠯᠳᠡ ᠶᠢᠨ ᠶᠤᠰᠤᠯᠠᠯ  8 ᠰᠠᠷ᠎ᠠ  ᠶᠢᠨ 18 ᠤ ᠤᠷᠤᠢ ᠲᠤᠭᠲᠠᠬᠤ ᠰᠢᠶᠠᠨ ᠤ ᠰᠤᠶᠤᠯ ᠤᠨ ᠠᠭᠤᠳᠠᠮ ᠲᠠᠯᠠᠪᠠᠢ  ᠳᠤ ᠶᠠᠪᠤᠭᠳᠠᠨ᠎ᠠ᠃ ᠡᠬᠢᠯᠡᠯᠳᠡ ᠶᠢᠨ ᠶᠤᠰᠤᠯᠠᠯ  ᠤᠨ ᠤᠷᠠᠨ‌‍ᠰᠠᠶᠢᠬᠠᠨ ᠤ ᠦᠳᠡᠰᠢᠯᠡᠭᠡ  ᠳᠤ ︽ᠤᠳᠤᠨ ᠭᠡᠷᠡᠯᠲᠦ ᠳᠠᠷᠳᠠᠩ ᠵᠠᠮ︾᠂ ︽ᠬᠠᠳᠤᠨ ᠭᠤᠤᠯ ᠠᠴᠠ ᠢᠷᠡᠭᠰᠡᠨ ᠳᠠᠭᠤᠤ︾ ᠵᠡᠷᠭᠡ ᠲᠣᠭᠯᠠᠯᠲᠠ ᠶᠢᠨ ᠰᠢᠯᠢᠳᠡᠭ ᠳᠠᠭᠤᠴᠢᠨ ᠵᠢᠴᠢ ᠰᠦᠯᠵᠢᠶᠡᠨ ᠤ ᠳᠠᠭᠤᠴᠢᠨ  ᠢ ᠣᠨᠴᠠᠭᠠᠢᠯᠠᠨ ᠤᠷᠢᠵᠤ᠂ ᠪᠠᠰᠠ ᠲᠠᠷᠢᠶᠠᠴᠢᠨ᠂ ᠠᠵᠤ ᠠᠬᠤᠢᠯᠠᠯ ᠤᠨ ᠠᠵᠢᠯᠲᠠᠨ ᠠᠵᠢᠯᠴᠢᠨ ᠪᠣᠯᠤᠨ ᠪᠠᠭᠰᠢ ᠶᠢᠨ ᠲᠥᠯᠥᠭᠡᠯᠡᠭᠴᠢ ᠳᠠᠭᠤᠨ ᠬᠤᠭᠤᠯᠠᠢ ᠪᠠᠨ ᠭᠠᠶᠢᠬᠠᠭᠤᠯᠬᠤ ᠪᠣᠯᠣᠨ᠎ᠠ᠃ ᠡᠭᠦᠨ ᠠᠴᠠ ᠭᠠᠳᠠᠨ᠎ᠠ᠂ 8 ᠳ᠋ᠤᠭᠠᠷ ᠰᠠᠷ᠎ᠠ ᠶᠢᠨ 19 ᠤ ᠡᠳᠦᠷ᠂ 20 ᠤ ᠡᠳᠦᠷ ᠤᠨ ᠣᠷᠣᠢ ᠲᠣᠰ ᠲᠣᠰ ︽ᠲᠣᠭᠲᠠᠬᠤ ᠶᠢᠨ ᠬᠠᠶᠢᠷ᠎ᠠ︾᠂ ᠥᠪᠥᠷ ᠮᠣᠩᠭᠤᠯ ᠱᠠᠨ ᠰᠢ ᠱᠠᠨᠰᠢ ᠾᠧᠪᠧᠶ ᠶᠢᠨ ᠦᠯᠢᠶᠡᠵᠦ ᠳᠠᠭᠤᠯᠠᠬᠤ ᠤᠷᠢᠯᠭ᠎ᠠ ᠶᠢᠨ ᠤᠷᠤᠯᠳᠤᠭᠠᠨ ᠪᠠ ︽ᠤᠯᠠᠭᠠᠨᠮᠥ᠋ᠴᠢᠷ ᠤᠨ ᠰᠥᠨᠢ︾ ᠤᠨ ᠲᠤᠰᠬᠠᠶ ᠲᠣᠭᠯᠠᠯᠲᠠ ᠭᠠᠷᠭᠠᠨ᠎ᠠ᠃ ᠬᠤᠲᠠ ᠶᠢᠨ ᠠᠷᠠᠳ ᠤᠨ ᠠᠩᠬᠠᠷᠤᠯ ᠢ ᠲᠠᠲᠠᠭᠰᠠᠨ ᠶᠢᠰᠦᠳᠦᠭᠡᠷ ᠬᠤᠭᠤᠴᠠᠭᠠᠨ ᠤ ᠲᠣᠭᠲᠠᠬᠤ ᠶᠢᠨ ᠦᠵᠦᠮ ᠤᠨ ᠪᠠᠶᠠᠷ ᠨᠢ 9 ᠳ᠋ᠦ᠋ᠭᠡᠷ ᠰᠠᠷ᠎ᠠ ᠶᠢᠨ 7 ᠤ ᠡᠳᠦᠷ ᠠᠴᠠ 9 ᠳ᠋ᠦ᠋ᠭᠡᠷ  ᠰᠠᠷ᠎ᠠ ᠶᠢᠨ 9 ᠤ ᠡᠳᠦᠷ ᠪᠣᠯᠲᠠᠯ᠎ᠠ᠃      ᠡᠭᠦᠨ ᠠᠴᠠ ᠭᠠᠳᠠᠨ᠎ᠠ᠂ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠬᠤᠢ ᠲᠠᠯᠠᠪᠠᠢ ᠠᠴᠠ ᠣᠶᠢᠯᠠᠭᠠᠭᠰᠠᠨ ᠢᠶᠠᠷ᠂ ᠪᠥᠬᠦ ᠤᠯᠤᠰ ᠤᠨ ᠠᠳᠠᠯᠢ ᠲᠥᠷᠥᠯ ᠤᠨ ᠲᠥᠷᠥᠯ ᠵᠦᠢᠯ ᠤᠨ ᠳᠣᠲᠣᠷ᠎ᠠ ᠬᠡᠪᠴᠢᠶ᠎ᠡ ᠪᠠᠷ ᠬᠠᠮᠤᠭ ᠤᠨ ᠶᠡᠭᠡ ᠲᠥᠷᠥᠯ ᠵᠦᠢᠯ᠂ ᠮᠥᠨᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ — ︽ᠬᠠᠳᠤᠨ ᠭᠤᠤᠯ ᠤᠨ ᠰᠠᠭᠤᠭᠳᠠᠯ︾ ᠤᠨ ᠦᠵᠡᠮᠵᠢ ᠰᠣᠨᠢᠷᠬᠠᠬᠤ ᠲᠠᠭᠲᠤ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢᠭᠡᠨᠲᠡ ᠪᠠᠷᠢᠯᠭ᠎ᠠ ᠳᠠᠭᠤᠰᠴᠤ᠂ 8 ᠳ᠋ᠤᠭᠠᠷ ᠰᠠᠷ᠎ᠠ ᠶᠢᠨ 18 ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠨ᠎ᠠ᠃ ᠲᠤᠬᠠᠢ ᠶᠢᠨ ᠦᠶ᠎ᠡ ᠳᠤ᠂ ᠵᠢᠭᠤᠯᠴᠢᠯᠠᠭᠴᠢᠳ ᠪᠦᠬᠦ ᠰᠢᠨ᠎ᠡ ᠬᠠᠷᠠᠭ᠎ᠠ ᠠᠴᠠ ᠬᠤᠤ ᠵᠢᠶᠠ ᠶᠣᠣ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠥᠩᠭᠡ ᠦᠵᠡᠮᠵᠢ ᠶᠢ ᠱᠠᠭᠠᠶᠢᠨ ᠬᠠᠷᠠᠵᠤ᠂ ᠰᠢᠷ᠎ᠠ ᠬᠥᠷᠥᠰᠥᠲᠦ ᠥᠨᠳᠦᠷᠯᠢᠭ ᠤᠨ ᠥᠪᠡᠷᠮᠢᠴᠡ ᠰᠣᠶᠣᠯ ᠢ ᠮᠡᠳᠡᠷᠡᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号