ᠰᠢᠨ᠎ᠡ ᠬᠤᠲᠠ ᠲᠣᠭᠤᠷᠢᠭ ᠴᠡᠷᠢᠭ ᠠᠴᠠ ᠬᠠᠯᠠᠭᠳᠠᠭᠰᠠᠨ ᠬᠡᠰᠡᠭ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠬᠦ ᠬᠠᠮᠲᠤᠷᠠᠭᠰᠠᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-09-10
     9 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠴᠡᠷᠢᠭ ᠠᠴᠠ ᠬᠠᠯᠠᠭᠳᠠᠭᠰᠠᠨ ᠬᠡᠰᠡᠭ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠬᠦ ᠬᠠᠮᠲᠤᠷᠠᠭᠰᠠᠨ ᠠᠵᠢᠯ ᠤᠨ ᠬᠤᠷᠠᠯ ᠢ ᠵᠠᠰᠠᠭ ᠤᠨ ᠤᠷᠳᠤᠨ ᠤ ᠭᠤᠤᠯ ᠠᠰᠠᠷ ᠤᠨ ᠳᠥᠷᠪᠡᠳᠦᠭᠡᠷ ᠳᠠᠪᠬᠤᠷ ᠲᠤ ᠬᠤᠷᠠᠯᠳᠤᠭᠤᠯᠪᠠ᠃ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠭᠠᠵᠠᠷ ᠤᠨ ᠳᠡᠰ ᠤᠨ ᠳᠠᠷᠤᠭ᠎ᠠ ᠰᠢᠶᠧ ᠵᠠᠨ ᠬᠤᠷᠠᠯ ᠳᠤ ᠣᠷᠣᠯᠴᠠᠵᠤ᠂ ᠰᠢᠨ᠎ᠡ ᠬᠤᠲᠠ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ ᠳ᠋ᠠᠶ ᠼᠠᠢ ᠰᠢᠶᠠ ᠬᠤᠷᠠᠯ ᠢ ᠡᠷᠬᠢᠯᠡᠵᠦ᠂ ᠨᠡᠶᠢᠭᠡᠮ ᠤᠨ ᠳᠠᠭᠠᠳᠬᠠᠯ ᠢ ᠵᠣᠯᠭᠠᠭᠤᠯᠬᠤ ᠠᠵᠢᠯ ᠤᠨ ᠲᠤᠰᠬᠠᠶ ᠠᠩᠭᠢ ᠶᠢᠨ ᠡᠯ᠎ᠡ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ ᠳ᠋ᠠᠶ ᠼᠠᠢ ᠰᠢᠶᠠ ︽ᠬᠦᠬᠡᠬᠤᠲᠠ ᠶᠢᠨ ᠴᠡᠷᠢᠭ ᠠᠴᠠ ᠬᠠᠯᠠᠭᠳᠠᠭᠰᠠᠨ ᠬᠡᠰᠡᠭ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠦᠯ︾ ᠢ ᠤᠯᠠᠮᠵᠢᠯᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠠᠷᠢᠯᠴᠠᠵᠤ ᠰᠠᠨᠠᠯ ᠢᠶᠠᠨ ᠰᠣᠯᠢᠯᠴᠠᠪᠠ᠃
     ᠬᠤᠷᠠᠯ ᠳᠡᠭᠡᠷ᠎ᠡ ᠰᠢᠶᠧ ᠵᠠᠨ᠂ ᠴᠡᠷᠢᠭ ᠠᠴᠠ ᠬᠠᠯᠠᠭᠳᠠᠭᠰᠠᠨ ᠬᠡᠰᠡᠭ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠢ ᠦᠷᠭᠦᠯᠵᠢᠯᠡᠭᠦᠯᠬᠦ ᠲᠥᠷᠦ ᠶᠢᠨ ᠪᠣᠳᠣᠯᠭ᠎ᠠ ᠪᠣᠯ ᠨᠠᠮ ᠤᠨ ᠲᠥᠪ ᠬᠤᠷᠢᠶ᠎ᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠶᠢᠭᠤᠯᠤᠮᠵᠢ ᠶᠢ ᠪᠠᠶᠢᠭᠤᠯᠤᠭᠰᠠᠨ ᠤ ᠳᠠᠷᠠᠭᠠᠬᠢ ᠲᠦᠯᠬᠢᠨ ᠠᠬᠢᠭᠤᠯᠤᠭᠰᠠᠨ ᠠᠩᠬᠠᠳᠠᠭᠴᠢ ᠲᠥᠷᠦ ᠶᠢᠨ ᠪᠣᠳᠣᠯᠭ᠎ᠠ ᠪᠣᠯᠤᠨ᠎ᠠ᠂ ᠴᠢᠬᠤᠯᠠ ᠶᠡᠭᠡ ᠠᠴᠢ ᠬᠤᠯᠪᠣᠭᠳᠠᠯ ᠲᠠᠢ᠂ ᠮᠠᠰᠢ ᠥᠷᠭᠡᠨ ᠨᠥᠯᠥᠭᠡ ᠲᠠᠢ ᠶᠤᠮ᠂ ᠡᠯ᠎ᠡ ᠪᠦᠷᠢᠯᠳᠦᠬᠦᠨ ᠨᠢᠭᠡᠴᠡ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠥᠭᠦᠯᠡᠯ ᠢᠶᠠᠷ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ ᠂ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠣᠬᠠᠮᠰᠠᠷ ᠢᠶᠠᠨ ᠦᠨᠡᠨ ᠬᠦ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠮᠵᠢᠶ᠎ᠠ ᠲᠡᠰ ᠳᠠᠷᠠᠭᠠᠯᠠᠯ ᠢ ᠴᠢᠩᠳᠠᠯᠠᠵᠤ᠂ ᠴᠡᠷᠢᠭ ᠠᠴᠠ ᠬᠠᠯᠠᠭᠳᠠᠭᠰᠠᠨ ᠬᠡᠰᠡᠭ ᠪᠠᠶᠢᠯᠳᠤᠭᠴᠢ ᠶᠢᠨ ᠳᠠᠭᠠᠳᠬᠠᠯ ᠢ ᠦᠷᠭᠦᠯᠵᠢᠯᠡᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠨᠡᠶᠢᠭᠡᠮ ᠤᠨ ᠳᠠᠭᠠᠳᠬᠠᠯ ᠢ ᠵᠣᠯᠭᠠᠭᠤᠯᠬᠤ ᠠᠵᠢᠯ ᠤᠨ ᠲᠤᠰᠬᠠᠶ ᠠᠩᠭᠢ ᠶᠢᠨ ᠡᠯ᠎ᠡ ᠪᠦᠷᠢᠯᠳᠦᠬᠦᠨ ᠨᠢᠭᠡᠴᠡ ᠶᠢᠨ ᠬᠢᠨ ᠵᠣᠭᠰᠣᠴᠠ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠨᠡᠬᠦ ᠠᠵᠢᠯ ᠢ ᠭᠦᠢᠴᠡᠳ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠳᠬᠤᠵᠤ᠂ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠬᠠᠭᠤᠯᠭ᠎ᠠ ᠶᠢᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠬᠦᠯᠢᠴᠡᠩᠭᠦᠶ ᠣᠪᠣᠷ ᠢᠶᠠᠷ ᠠᠵᠢᠯ ᠢᠶᠠᠨ ᠥᠷᠨᠢᠭᠦᠯᠵᠦ᠂ ᠨᠠᠮ ᠤᠨ ᠲᠥᠪ ᠬᠤᠷᠢᠶ᠎ᠠ ᠶᠢᠨ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠪᠠ ᠲᠥᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠬᠠᠮᠲᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠲᠥᠷᠦ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号