ᠮᠠᠨ ᠤ ᠬᠤᠲᠠ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢᠶᠠᠨ ᠪᠦᠬᠦ ᠲᠠᠯ᠎ᠠ ᠪᠠᠷ ᠳᠡᠯᠭᠡᠨ ᠦᠵᠡᠭᠦᠯᠪᠡ
ᠨᠡᠶᠢᠲᠡᠯᠡᠭᠰᠡᠨ ᠴᠠᠭ᠄
2019-09-10
       ︵ᠰᠤᠷᠪᠤᠯᠵᠢᠯᠠᠭᠴᠢ ᠮᠢᠶᠥᠥ ᠴᠢᠩ︶ ᠥᠴᠥᠭᠡᠳᠦᠷ ᠦᠳᠡ ᠶᠢᠨ ᠡᠮᠦᠨ᠎ᠡ᠂ ᠪᠦᠬᠦ ᠬᠤᠲᠠ ᠶᠢᠨ ᠰᠤᠷᠭᠠᠨ ᠬᠥᠮᠥᠵᠢᠯ ᠤᠨ ᠶᠡᠭᠡ ᠬᠤᠷᠠᠯ ᠵᠢᠴᠢ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠯ ᠤᠨ ᠠᠵᠢᠯᠯᠠᠭ᠎ᠠ ᠶᠢᠨ ᠨᠢᠭᠡ ᠠᠭᠤᠯᠭ᠎ᠠ ᠪᠣᠯᠬᠤ ᠪᠦᠬᠦ ᠬᠤᠲᠠ ᠶᠢᠨ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠯᠭᠡᠨ ᠦᠵᠡᠭᠦᠯᠬᠦ ᠠᠵᠢᠯᠯᠠᠭ᠎ᠠ ᠶᠠᠪᠤᠭᠳᠠᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠦ ᠰᠢᠶᠥᠥ ᠶᠠᠨ᠂ ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ ᠦᠷ᠎ᠡ ᠪᠦᠲᠦᠮᠵᠢ ᠶᠢᠨ ᠦᠵᠡᠭᠦᠯᠭᠡ ᠶᠢ ᠲᠣᠭᠤᠷᠢᠨ ᠦᠵᠡᠪᠡ᠃      ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠤᠭᠤᠷᠢᠭ ᠤᠨ ᠰᠤᠷᠭᠠᠨ ᠬᠥᠮᠥᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠵᠠᠬᠢᠷᠤᠯ ᠤᠨ ᠲᠥᠯᠥᠭᠡᠯᠡᠭᠴᠢ᠂ ᠪᠠᠭᠰᠢ ᠶᠢᠨ ᠲᠥᠯᠥᠭᠡᠯᠡᠭᠴᠢ ᠨᠠᠷ ᠮᠠᠨ ᠤ ᠬᠤᠲᠠ ᠶᠢᠨ ᠣᠶᠢᠷ᠎ᠠ ᠶᠢᠨ ᠵᠢᠯ ᠤᠳ ᠤᠨ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢᠨ ᠡᠯ᠎ᠡ ᠲᠥᠷᠥᠯ ᠤᠨ ᠦᠷ᠎ᠡ ᠪᠦᠲᠦᠮᠵᠢ ᠶᠢ ᠲᠣᠭᠤᠷᠢᠨ ᠦᠵᠡᠭᠰᠡᠨ ᠪᠠᠶᠢᠨ᠎ᠠ᠃      ᠣᠳᠣᠬᠠᠨ ᠳᠤ᠂ ᠪᠦᠬᠦ ᠬᠤᠲᠠ ᠳᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠪᠠ ᠴᠡᠴᠡᠷᠯᠢᠭ 751 ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ 44.5 ᠲᠦᠮᠡ᠂ ᠪᠠᠭᠰᠢ ᠠᠵᠢᠯᠲᠠᠨ 4.1 ᠲᠦᠮᠡ ᠬᠦᠷᠴᠡᠢ᠃ ᠰᠤᠷᠬᠤ ᠨᠠᠰᠤᠨ ᠠᠴᠠ ᠡᠮᠦᠨ᠎ᠡ ᠴᠡᠴᠡᠷᠯᠢᠭ ᠲᠤ ᠣᠷᠣᠭᠰᠠᠨ ᠪᠦᠳᠦᠭᠦᠪᠴᠢ ᠨᠣᠷᠮ᠎ᠠ 91.98% ᠬᠦᠷᠴᠦ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 10.2 ᠵᠠᠭᠤᠨ ᠤ ᠴᠡᠭ ᠳᠠᠪᠠᠵᠤ᠂ ᠤᠯᠤᠰ ᠠᠴᠠ ᠲᠣᠭᠲᠠᠭᠠᠭᠰᠠᠨ ᠳᠤᠮᠳᠠ ᠤᠷᠲᠤ ᠬᠤᠭᠤᠴᠠᠭᠠᠨ ᠤ ᠬᠠᠷᠠᠯᠲᠠ  ︵85%︶ ᠶᠢ 3 ᠵᠢᠯ ᠤᠷᠢᠳᠴᠢᠯᠠᠨ ᠪᠡᠶᠡᠯᠡᠭᠦᠯᠪᠡ᠃ ᠪᠦᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠥᠭᠵᠢᠯᠲᠡ ᠶᠢᠨ ᠦᠨᠳᠦᠰᠦᠨ ᠲᠡᠩᠴᠡᠭᠦᠷᠢ ᠶᠢᠨ ᠦᠨᠡᠯᠡᠯᠲᠡ ᠶᠢ ᠥᠩᠭᠡᠷᠡᠵᠤ ᠂ ᠮᠠᠨ ᠤ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠥᠭᠵᠢᠯᠲᠡ ᠶᠢ ᠴᠢᠨᠠᠷ ᠰᠠᠶᠢᠲᠠᠢ ᠲᠡᠩᠴᠡᠭᠦᠷᠢᠲᠡᠢ ᠱᠠᠲᠤ ᠲᠡᠰᠢ ᠲᠦᠯᠬᠢᠨ ᠠᠬᠢᠭᠤᠯᠵᠤ ᠪᠤᠢ᠃      ᠲᠤᠰ ᠡᠳᠦᠷ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠷᠢᠳ ᠬᠤᠵᠢᠳ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ ᠪᠠᠷ ᠬᠦᠷᠴᠦ᠂ ᠡᠯ᠎ᠡ ᠰᠤᠷᠭᠠᠭᠤᠯᠢ ᠶᠢᠨ ᠬᠢᠨ ᠥᠪᠡᠷ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠡᠷᠢᠭᠦᠨ ᠤ ᠣᠨᠣᠯᠵᠢᠬᠤᠨ ᠪᠣᠯᠣᠨ ᠵᠢᠭᠠᠨ ᠰᠤᠷᠭᠠᠯᠲᠠ ᠶᠢᠨ ᠠᠵᠢᠯ ᠤᠨ ᠦᠷ᠎ᠡ ᠪᠦᠲᠦᠮᠵᠢ ᠪᠠᠨ ᠭᠦᠢᠴᠡᠳ ᠳᠡᠯᠭᠡᠨ ᠦᠵᠡᠭᠦᠯᠵᠡᠢ᠃ ᠡᠮᠬᠢ ᠵᠢᠷᠤᠮ ᠲᠠᠢ ᠵᠢᠭᠠᠨ ᠰᠤᠷᠭᠠᠯᠲᠠ ᠶᠢᠨ ᠲᠤᠷᠰᠢᠯᠲᠠ᠂ ᠠᠮᠢᠳᠤᠯᠢᠭ ᠰᠠᠶᠢᠬᠠᠨ ᠬᠢᠴᠢᠶᠡᠯ᠂ ᠦᠵᠡᠭᠦᠯᠭᠡ ᠶᠢᠨ ᠰᠠᠮᠪᠠᠷ᠎ᠠ᠂ ᠪᠠᠭᠰᠢ ᠰᠤᠷᠤᠭᠴᠢ ᠶᠢᠨ ᠪᠦᠲᠦᠭᠡᠯ ᠨᠦᠭᠦᠳ ᠨᠢ ᠮᠠᠨ ᠤ ᠬᠤᠲᠠ ᠶᠢᠨ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠡᠯᠪᠡᠭ ᠪᠠᠶᠠᠯᠢᠭ ᠦᠷ᠎ᠡ ᠪᠦᠲᠦᠮᠵᠢ ᠶᠢ ᠬᠠᠷᠠᠭᠤᠯᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠦᠷᠢ ᠶᠢᠨ ᠬᠠᠯᠠᠭᠤᠨ ᠰᠠᠶᠢᠰᠢᠶᠠᠯ ᠢ ᠣᠯᠵᠤ ᠪᠠᠶᠢᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号