| | | ᠲᠦᠷᠦᠭᠦᠬᠡᠨ᠂ ᠭᠠᠵᠠᠷ ᠳᠣᠣᠷᠠᠬᠢ ᠲᠡᠮᠦᠷ ᠵᠠᠮ ᠤᠨ 1 ᠳ᠋ᠦ᠋ᠭᠡᠷ ᠱᠤᠭᠤᠮ ᠤᠨ ᠨᠢᠭᠡᠳᠦᠭᠡᠷ ᠬᠤᠭᠤᠴᠠᠭ᠎ᠠ ᠶᠢᠨ | ᠢᠨᠵᠧᠨᠧᠷᠢᠩ ᠵᠢᠩᠬᠢᠨᠢ ᠪᠠᠷ ᠲᠤᠷᠰᠢᠨ ᠠᠵᠢᠯᠯᠠᠵᠤ ᠡᠬᠢᠯᠡᠪᠡ᠂ ᠡᠨᠡ ᠨᠢ ᠬᠥᠬᠡᠬᠤᠲᠠ ᠶᠢᠨ ᠭᠠᠵᠠᠷ ᠳᠣᠣᠷᠠᠬᠢ ᠲᠡᠮᠦᠷ | ᠵᠠᠮ ᠤᠨ 1 ᠳ᠋ᠦ᠋ᠭᠡᠷ ᠱᠤᠭᠤᠮ ᠨᠡᠪᠲᠡᠷᠡᠵᠦ ᠲᠤᠷᠰᠢᠨ ᠠᠵᠢᠯᠯᠠᠬᠤ ︽ᠲᠣᠩᠭᠤᠷᠠᠭᠤᠯᠤᠨ ᠲᠣᠭᠠᠯᠠᠬᠤ︾ | ᠱᠠᠲᠤᠨ ᠳᠠᠭᠠᠨ ᠣᠷᠣᠭᠰᠠᠨ ᠢ ᠬᠠᠷᠠᠭᠤᠯᠵᠤ ᠪᠠᠶᠢᠨ᠎ᠠ᠃ | ᠣᠶᠢᠯᠭᠠᠭᠰᠠᠨ ᠢᠶᠠᠷ᠂ ᠭᠠᠵᠠᠷ ᠳᠣᠣᠷᠠᠬᠢ ᠲᠡᠮᠦᠷ ᠵᠠᠮ ᠤᠨ 1 ᠳ᠋ᠦ᠋ᠭᠡᠷ ᠱᠤᠭᠤᠮ ᠢ 12 ᠳ᠋ᠤᠭᠠᠷ ᠰᠠᠷ᠎ᠠ ᠶᠢᠨ | ᠡᠬᠢᠨ ᠪᠣᠯᠲᠠᠯ᠎ᠠ ᠲᠤᠷᠰᠢᠨ ᠠᠵᠢᠯᠯᠠᠭᠤᠯᠬᠤ ᠪᠠᠷ ᠵᠢᠱᠢᠵᠦ ᠪᠠᠶᠢᠨ᠎ᠠ᠃ ᠲᠤᠷᠰᠢᠨ ᠠᠵᠢᠯᠯᠠᠭᠤᠯᠬᠤ ᠬᠤᠭᠤᠴᠠᠭᠠᠨ ᠳᠤ | ᠭᠠᠵᠠᠷ ᠳᠣᠣᠷᠠᠬᠢ ᠲᠡᠮᠦᠷ ᠵᠠᠮ ᠤᠨ 1 ᠳ᠋ᠦ᠋ᠭᠡᠷ ᠱᠤᠭᠤᠮ ᠤᠨ ᠨᠡᠪᠲᠡᠷᠡᠭᠰᠡᠨ ᠳᠠᠷᠠᠭᠠᠬᠢ ᠦᠨᠡᠨ ᠪᠣᠳᠠᠲᠠᠢ ᠣᠷᠴᠢᠨ | ᠠᠬᠤᠢ ᠶᠢ ᠳᠠᠭᠤᠷᠢᠶᠠᠨ᠂ ᠭᠠᠯᠲᠤ ᠲᠡᠷᠭᠡ ᠶᠢᠨ ᠠᠵᠢᠯᠯᠠᠭᠠᠨ ᠤ ᠡᠯ᠎ᠡ ᠵᠦᠢᠯ ᠤᠨ ᠮᠡᠷᠭᠡᠵᠢᠯ ᠤᠨ ᠢᠯᠡᠳᠬᠡᠯ ᠲᠤᠭ᠎ᠠ | ᠪᠣᠯᠣᠨ ᠡᠯ᠎ᠡ ᠪᠡᠯᠡᠳᠬᠡᠮᠵᠢ ᠶᠢᠨ ᠰᠢᠰᠲ᠋ᠧᠮ ᠤᠨ ᠴᠢᠳᠠᠪᠤᠷᠢ ᠳᠤ ᠬᠡᠷᠡᠭᠯᠡᠬᠦ ᠪᠣᠯᠬᠤ ᠴᠢᠨᠠᠷ᠂ ᠠᠶᠤᠯᠭᠦᠢ ᠴᠢᠨᠠᠷ ᠪᠠ | ᠨᠠᠶᠢᠳᠠᠪᠤᠷᠢᠲᠤ ᠴᠢᠨᠠᠷ ᠲᠤ ᠲᠤᠷᠰᠢᠯᠲᠠ ᠪᠠ ᠬᠢᠨᠠᠨ ᠰᠢᠯᠭᠠᠯᠲᠠ ᠬᠢᠵᠦ᠂ ᠡᠵᠡᠩᠨᠡᠯᠲᠡ ᠶᠢᠨ ᠬᠥᠮᠥᠨ ᠤ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠰᠢᠯᠭᠠᠬᠤ ᠪᠠ ᠳᠡᠭᠡᠭᠰᠢᠯᠡᠭᠦᠯᠦᠨ᠂ ᠴᠠᠭ ᠳᠠᠷᠤᠢ ᠳᠤᠨᠢ | ᠲᠣᠬᠢᠷᠠᠭᠤᠯᠤᠯᠲᠠ ᠬᠢᠵᠦ ᠤᠯᠠᠮ ᠴᠢᠨᠠᠭᠰᠢ ᠱᠠᠭᠠᠷᠳᠠᠯᠭ᠎ᠠ ᠳᠤ ᠨᠡᠶᠢᠴᠡᠭᠦᠯᠦᠨ᠎ᠡ᠃ | ᠲᠤᠷᠰᠢᠨ ᠠᠵᠢᠯᠯᠠᠭᠤᠯᠬᠤ ᠨᠢ ᠵᠢᠮᠲᠦ ᠵᠠᠮ ᠬᠠᠷᠢᠯᠴᠠᠭ᠎ᠠ ᠶᠢᠨ ᠡᠬᠢᠯᠡᠵᠦ ᠪᠠᠶᠢᠭᠤᠯᠤᠭᠰᠠᠨ ᠠᠴᠠ ᠠᠶᠠᠨᠴᠢᠨ | ᠲᠡᠭᠡᠭᠡᠪᠦᠷᠢᠯᠡᠵᠦ ᠡᠵᠡᠩᠨᠡᠯᠲᠡ ᠶᠢᠨ ᠱᠠᠲᠤᠨ ᠳᠠᠭᠠᠨ ᠣᠷᠣᠬᠤ ᠳᠤ ᠵᠠᠪᠠᠯ ᠥᠩᠭᠡᠷᠡᠭᠡᠬᠦ ᠶᠠᠪᠤᠴᠠ ᠪᠣᠯᠣᠨ᠎ᠠ᠃ ᠮᠥᠨᠴᠦ | ᠰᠢᠨ᠎ᠡ ᠪᠠᠷ ᠪᠠᠶᠢᠭᠤᠯᠤᠭᠰᠠᠨ ᠵᠢᠮᠲᠦ ᠵᠠᠮ ᠬᠠᠷᠢᠯᠴᠠᠭᠠᠨ ᠤ ᠵᠠᠮ ᠱᠤᠭᠤᠮ ᠤᠨ ᠡᠵᠡᠩᠨᠡᠯᠲᠡ ᠠᠴᠠ ᠡᠮᠦᠨᠡᠬᠢ ᠬᠠᠮᠤᠭ | ᠰᠡᠭᠦᠯᠴᠢ ᠶᠢᠨ ᠨᠢᠭᠡ ᠴᠢᠬᠤᠯᠠ ᠲᠤᠷᠰᠢᠯᠲᠠ ᠶᠢᠨ ᠶᠠᠪᠤᠴᠠ ᠪᠣᠯᠵᠤ᠂ ᠠᠳᠠᠭ ᠲᠠᠭᠠᠨ 3 ᠰᠠᠷ᠎ᠠ ᠶᠢᠨ | ᠬᠤᠭᠤᠴᠠᠭ᠎ᠠ ᠪᠠᠷ ᠠᠬᠢᠨ ᠳᠠᠬᠢᠨ ᠰᠢᠯᠭᠠᠨ ᠬᠠᠷᠭᠤᠭᠤᠯᠵᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠂ | ᠡᠵᠡᠩᠨᠡᠯᠲᠡ ᠳᠤ ᠣᠷᠣᠭᠰᠠᠨ ᠤ ᠳᠠᠷᠠᠭᠠᠬᠢ ᠠᠶᠤᠯᠭᠦᠢ ᠶᠢ ᠪᠠᠲᠤᠯᠠᠬᠤ ᠪᠣᠯᠣᠨ᠎ᠠ᠃ |