ᠦᠪᠦᠷ ᠮᠤᠩᠭᠤᠯ ᠤᠨ 17 ᠰᠤᠷᠭᠠᠭᠤᠯᠢ ᠳᠤ ︽ᠤᠯᠠᠭᠠᠨᠬᠦᠦ ᠶᠢᠨ ᠱᠠᠩᠨᠠᠯ ᠤᠨ ᠮᠦᠩᠬᠦ︾ ᠶᠢ ᠪᠠᠶᠢᠭᠤᠯᠪᠠ
ᠨᠡᠶᠢᠲᠡᠯᠡᠭᠰᠡᠨ ᠴᠠᠭ᠄
2019-09-11
     ᠰᠤᠷᠪᠤᠯᠵᠢᠯᠠᠬᠴᠢ ᠦᠴᠦᠭᠡᠳᠦᠷ ᠤᠯᠠᠭᠠᠨᠬᠦᠦ ᠶᠢᠨ ᠰᠠᠭᠤᠷᠢ ᠮᠦᠩᠭᠦᠨ ᠤ ᠨᠡᠶᠢᠭᠡᠮᠯᠢᠭ ᠠᠴᠠ ᠤᠶᠢᠯᠠᠭᠠᠬᠰᠠᠨ ᠢᠶᠠᠷ᠂ ᠦᠨᠦ ᠵᠢᠯ ᠤᠯᠠᠭᠠᠨᠬᠦᠦ ᠶᠢᠨ ᠰᠠᠭᠤᠷᠢ ᠮᠦᠩᠭᠦᠨ ᠤ ᠨᠡᠶᠢᠭᠡᠮᠯᠢᠭ ︽ᠤᠯᠠᠭᠠᠨᠬᠦᠦ ᠶᠢᠨ ᠱᠠᠩᠨᠠᠯ ᠤᠨ ᠮᠦᠩᠭᠦ︾ ᠶᠢᠨ ᠤᠷᠮᠠᠰᠢᠭᠤᠯᠤᠨ ᠱᠠᠩᠨᠠᠬᠤ ᠬᠦᠷᠢᠶ᠎ᠡ ᠬᠡᠪᠴᠢᠶ᠎ᠡ ᠶᠢ ᠤᠯᠠᠮ ᠦᠷᠭᠡᠳᠬᠡᠨ᠂ ᠰᠠᠩᠨᠠᠬᠤ ᠬᠦᠷᠢᠶ᠎ᠡ ᠬᠡᠪᠴᠢᠶ᠎ᠡ ᠶᠢ 2 ᠰᠤᠷᠭᠠᠭᠤᠯᠢ ᠠᠴᠠ 17 ᠰᠤᠷᠭᠠᠭᠤᠯᠢ ᠪᠤᠯᠭᠠᠨ ᠦᠷᠭᠡᠳᠬᠡᠭᠰᠡᠨ ᠪᠠᠶᠢᠨ᠎ᠠ᠃      ᠤᠶᠢᠯᠠᠭᠠᠬᠰᠠᠨ ᠢᠶᠠᠷ᠂ ᠤᠯᠠᠭᠠᠨᠬᠦᠦ ᠶᠢᠨ ᠰᠠᠭᠤᠷᠢ ᠮᠦᠩᠭᠦᠨ ᠤ ᠨᠡᠶᠢᠭᠡᠮᠯᠢᠭ 2008 ᠤᠨ ᠠᠴᠠ ᠨᠠᠭᠠᠰᠢ ᠦᠪᠦᠷ ᠮᠤᠩᠭᠤᠯ ᠤᠨ ᠶᠡᠭᠡ ᠰᠤᠷᠭᠠᠭᠤᠯᠢ ᠪᠤᠯᠤᠨ ᠬᠦᠬᠡᠬᠤᠲᠠ ᠦᠨᠳᠦᠰᠦᠲᠡᠨ ᠤ ᠳᠡᠭᠡᠳᠤ ᠰᠤᠷᠭᠠᠭᠤᠯᠢ ᠳᠤ ︽ᠤᠯᠠᠭᠠᠨᠬᠦᠦ ᠶᠢᠨ ᠱᠠᠩᠨᠠᠯ ᠤᠨ ᠮᠦᠩᠭᠦ︾ ᠶᠢ ᠲᠤᠬᠢᠷᠠᠭᠤᠯᠵᠦ᠂ ᠰᠤᠷᠤᠯᠭ᠎ᠠ ᠮᠤᠷᠠᠯ ᠰᠠᠶᠢᠲᠠᠢ ᠤᠶᠤᠲᠠᠳ ᠢ ᠱᠠᠩᠨᠠᠨ ᠬᠦᠬᠢᠭᠦᠯᠵᠦ᠂ ᠤᠳᠤ ᠪᠤᠯᠲᠠᠯ᠎ᠠ ᠨᠡᠶᠢᠲᠡ 770 ᠰᠤᠷᠤᠬᠴᠢ ᠶᠢ ᠱᠠᠩᠨᠠᠵᠠᠢ᠃ ᠱᠠᠩᠨᠠᠯ ᠤᠨ ᠮᠦᠩᠭᠦ ᠶᠢᠨ ᠶᠤᠰᠤ ᠮᠤᠷᠠᠯ ᠲᠠᠢ ᠬᠦᠮᠦᠨ ᠬᠦᠮᠦᠵᠢᠭᠦᠯᠬᠦ ᠶᠢ ᠲᠤᠰᠠᠯᠠᠬᠤ ᠴᠢᠳᠠᠪᠬᠢ ᠶᠢ ᠤᠯᠠᠮ ᠰᠠᠶᠢᠨ ᠪᠠᠳᠠᠷᠠᠭᠤᠯᠬᠤ ᠶᠢᠨ ᠲᠤᠯᠠᠲᠠ ᠤᠯᠠᠭᠠᠨᠬᠦᠦ ᠰᠠᠭᠤᠷᠢ ᠮᠦᠩᠭᠦᠨ ᠤ ᠨᠡᠶᠢᠭᠡᠮᠯᠢᠭ ᠤᠨ ᠬᠡᠷᠡᠭ ᠮᠡᠳᠡᠭᠴᠢᠳ ᠠᠴᠠ ᠦᠨᠦ ᠵᠢᠯ ᠠᠴᠠ ᠡᠬᠢᠯᠡᠨ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠡᠳ᠋ ᠤᠨ ᠵᠠᠰᠠᠬ ᠤᠨ ᠶᠡᠭᠡ ᠰᠤᠷᠭᠠᠭᠤᠯᠢ᠂ ᠪᠤᠭᠤᠳᠤ ᠶᠢᠨ ᠡᠮᠨᠡᠯᠭᠡ ᠶᠢᠨ ᠳᠡᠭᠡᠳᠤ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠤ ᠰᠤᠷᠭᠠᠭᠤᠯᠢ᠂ ᠤᠯᠠᠭᠠᠨᠬᠠᠳᠠ ᠶᠢᠨ ᠳᠡᠭᠡᠳᠤ ᠰᠤᠷᠭᠠᠭᠤᠯᠢ᠂ ᠬᠦᠯᠦᠨ ᠪᠤᠶᠢᠷ ᠳᠡᠭᠡᠳᠤ ᠰᠤᠷᠭᠠᠭᠤᠯᠢ᠂ ᠵᠢᠨᠢᠩ ᠤᠨ ᠪᠠᠭᠰᠢ ᠶᠢᠨ ᠳᠡᠭᠡᠳᠤ ᠰᠤᠷᠭᠠᠭᠤᠯᠢ᠂ ᠪᠤᠷᠤᠲᠤᠬᠤᠢ ᠳᠡᠭᠡᠳᠤ ᠰᠤᠷᠭᠠᠭᠤᠯᠢ᠂ ᠦᠪᠦᠷ ᠮᠤᠩᠭᠤᠯ ᠤᠨ ᠤᠷᠠᠯᠢᠬ ᠤᠨ ᠳᠡᠭᠡᠳᠤ ᠰᠤᠷᠭᠠᠭᠤᠯᠢ᠂ ᠤᠷᠳᠤᠰ ᠤᠨ ᠬᠡᠷᠡᠭᠯᠡᠭᠡᠨ ᠤ ᠲᠤᠭ᠍ᠨᠤᠯᠤᠬᠢ ᠶᠢᠨ ᠳᠡᠭᠡᠳᠤ ᠰᠤᠷᠭᠠᠭᠤᠯᠢ ᠵᠡᠷᠭᠡ 15 ᠰᠤᠷᠭᠠᠭᠤᠯᠢ ᠳᠤ ᠴᠦ ︽ᠤᠯᠠᠭᠠᠨᠬᠦᠦ ᠶᠢᠨ ᠱᠠᠩᠨᠠᠯ ᠤᠨ ᠮᠦᠩᠭᠦ︾ ᠶᠢ ᠲᠤᠬᠢᠷᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号