ᠱᠦᠯᠭᠦᠭᠡ ᠡᠪᠡᠳᠴᠢᠨ ᠵᠢᠴᠢ ᠲᠡᠭᠦᠨ ᠤ ᠰᠡᠷᠭᠡᠶᠢᠯᠡᠯᠲᠡ
ᠨᠡᠶᠢᠲᠡᠯᠡᠭᠰᠡᠨ ᠴᠠᠭ᠄
2019/9/11
     ᠱᠥᠯᠭᠦᠭᠡ ᠡᠪᠡᠳᠴᠢᠨ ᠪᠣᠯ ᠱᠥᠯᠭᠦᠭᠡ ᠡᠪᠡᠳᠴᠢᠨ ᠤ ᠸᠢᠷᠦ᠋ᠰ ᠠᠴᠠ ᠡᠭᠦᠰᠦᠭᠰᠡᠨ ᠲᠦᠷᠭᠡᠨ ᠴᠢᠨᠠᠷᠲᠠᠢ᠂ ᠬᠠᠯᠠᠭᠤᠨ ᠴᠢᠨᠠᠷᠲᠠᠢ᠂ ᠳᠡᠭᠡᠳᠦ ᠬᠡᠮᠵᠢᠶᠡᠨ ᠤ ᠬᠦᠷᠦᠯᠴᠡᠬᠦ ᠴᠢᠨᠠᠷᠲᠠᠢ ᠬᠠᠯᠳᠠᠪᠤᠷᠢᠲᠤ ᠡᠪᠡᠳᠴᠢᠨ ᠪᠣᠯᠣᠨ᠎ᠠ᠃ ᠭᠤᠣᠯ ᠢᠯᠡᠷᠡᠯ ᠨᠢ᠂ ᠡᠪᠡᠳᠴᠢᠲᠡᠢ ᠬᠤᠨᠢᠨ ᠤ ᠪᠡᠶ᠎ᠡ ᠶᠢᠨ ᠳᠤᠯᠠᠭᠠᠨ ᠳᠡᠭᠡᠭᠰᠢᠯᠡᠬᠦ᠂ ᠳᠣᠭᠤᠯᠳᠠᠬᠤ᠂ ᠢᠳᠡᠰᠢᠨ ᠳᠤᠷᠠᠰᠢᠯ ᠮᠠᠭᠤᠳᠠᠬᠤ᠂ ᠴᠤᠭ ᠰᠦᠯᠳᠡ ᠦᠭᠡᠢ ᠪᠣᠯᠬᠤ᠃ ᠬᠤᠨᠢᠨ ᠳᠤ ᠣᠯᠠᠩᠬᠢ ᠳᠠᠭᠠᠨ ᠳᠥᠷᠪᠡᠨ ᠮᠥᠴᠢ ᠳᠤᠨᠢ ᠣᠯᠠᠨ ᠤᠰᠤᠨ ᠴᠥᠪᠥᠷᠢᠭᠦᠦ ᠢᠯᠡᠷᠡᠵᠦ᠂ ᠢᠮᠠᠭᠠᠨ ᠳᠤ ᠪᠣᠯ ᠣᠯᠠᠩᠬᠢ ᠳᠠᠭᠠᠨ ᠠᠮᠠᠨ ᠬᠥᠨᠳᠡᠢ ᠳᠤᠨᠢ ᠤᠰᠤᠨ ᠴᠥᠪᠥᠷᠢᠭᠦᠦ ᠢᠯᠡᠷᠡᠨ᠎ᠡ᠃ ᠲᠤᠰ ᠡᠪᠡᠳᠴᠢᠨ ᠢ ᠰᠡᠷᠭᠡᠶᠢᠯᠡᠬᠦ ᠭᠤᠣᠯ ᠠᠷᠭ᠎ᠠ ᠨᠢ ᠡᠬᠡᠯᠢᠯᠡᠪᠦᠷᠢ ᠶᠢᠨ ᠲᠠᠷᠢᠯᠭ᠎ᠠ ᠶᠢ ᠬᠢᠬᠦ ᠪᠠ ᠬᠠᠰᠢᠶ᠎ᠠ ᠰᠠᠷᠠᠪᠴᠢ ᠶᠢᠨ ᠠᠷᠢᠭᠤᠳᠬᠠᠯ ᠤᠨ ᠠᠵᠢᠯ ᠢ ᠰᠠᠶᠢᠲᠤᠷ ᠬᠢᠬᠦ ᠶᠠᠪᠤᠳᠠᠯ ᠪᠣᠯᠣᠨ᠎ᠠ᠃ ᠡᠬᠡᠯᠢᠯᠡᠪᠦᠷᠢ ᠶᠢᠨ ᠲᠠᠷᠢᠯᠭ᠎ᠠ ᠶᠢ ᠵᠢᠯ ᠪᠦᠷᠢ 2 ᠤᠳᠠᠭ᠎ᠠ ᠬᠢᠵᠦ᠂ ᠬᠤᠨᠢ ᠪᠦᠷᠢ ᠳᠤ 1ml ᠢ ᠪᠣᠯᠴᠢᠩ ᠳᠤᠨᠢ ᠲᠠᠷᠢᠨ᠎ᠠ᠃ ᠡᠭᠦᠨ ᠳᠤ ᠬᠡᠭᠡᠯ ᠤᠨ ᠰᠡᠭᠦᠯᠴᠢ ᠶᠢᠨ ᠬᠤᠭᠤᠴᠠᠭᠠᠨ ᠳᠠᠬᠢ ᠡᠬᠡ ᠮᠠᠯ᠂ ᠰᠠᠶ᠋ᠢ ᠲᠥᠷᠥᠭᠰᠡᠨ ᠬᠤᠷᠠᠭ᠎ᠠ᠂ ᠡᠪᠡᠳᠴᠢᠲᠡᠢ ᠬᠤᠨᠢ᠂ ᠰᠠᠶ᠋ᠢ ᠬᠤᠷᠠᠭᠠᠯᠠᠭᠰᠠᠨ ᠡᠮ᠎ᠡ ᠬᠤᠨᠢ ᠳᠤ ᠸᠠᠺᠼᠢᠨ ᠤ ᠲᠠᠷᠢᠯᠭ᠎ᠠ ᠶᠢ ᠲᠦᠷ ᠬᠤᠶᠢᠰᠢᠯᠠᠭᠤᠯᠬᠤ ᠬᠡᠷᠡᠭᠲᠡᠢ᠃ ᠬᠡᠪᠴᠢᠶᠡᠵᠢᠭᠰᠡᠨ ᠲᠡᠵᠢᠭᠡᠯᠭᠡ ᠶᠢᠨ ᠲᠠᠯᠠᠪᠠᠢ ᠨᠢ ᠤᠳᠠᠭ᠎ᠠ ᠪᠦᠷᠢ ᠡᠬᠡᠯᠢᠯᠡᠪᠦᠷᠢ ᠶᠢᠨ ᠲᠠᠷᠢᠯᠭ᠎ᠠ ᠬᠢᠭᠰᠡᠨ ᠤ 21 - 28 ᠡᠳᠦᠷ ᠤᠨ ᠳᠠᠷᠠᠭ᠎ᠠ ᠳᠠᠬᠢᠨ ᠨᠢᠭᠡ ᠤᠳᠠᠭ᠎ᠠ ᠲᠠᠷᠢᠯᠭ᠎ᠠ ᠲᠠᠷᠢᠵᠤ ᠡᠬᠡᠯᠢᠯᠡᠪᠦᠷᠢ ᠶᠢ ᠴᠢᠩᠭᠠᠳᠬᠠᠪᠠᠯ᠂ ᠬᠤᠨᠢᠨ ᠰᠦᠷᠦᠭ ᠤᠨ ᠡᠬᠡᠯᠢᠯᠡᠪᠦᠷᠢ ᠶᠢᠨ ᠲᠦᠪᠰᠢᠨ ᠨᠢ ᠢᠯᠡᠳᠲᠡ ᠳᠡᠭᠡᠭᠰᠢᠯᠡᠨ᠎ᠡ᠃ ᠠᠷᠢᠭᠤᠳᠬᠠᠬᠤ ᠳᠤ 5% ᠶᠢᠨ ᠢᠳᠡᠮᠡᠬᠡᠢ ᠱᠥᠯᠲᠦ ᠶᠢᠨ ᠠᠭᠤᠰᠤᠮᠠᠯ ᠪᠤᠶᠤ ᠡᠪᠡᠰᠦ ᠮᠣᠳᠣᠨ ᠤ ᠦᠨᠡᠰᠦᠨ ᠤᠰᠤ ᠶᠢ ᠰᠣᠩᠭᠤᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ