ᠰᠤᠷᠪᠤᠯᠵᠢᠯᠠᠬᠴᠢ ᠦᠴᠦᠭᠡᠳᠦᠷ ᠤᠯᠠᠭᠠᠨᠬᠦᠦ ᠶᠢᠨ ᠰᠠᠭᠤᠷᠢ ᠮᠦᠩᠭᠦᠨ ᠤ ᠨᠡᠶᠢᠭᠡᠮᠯᠢᠭ ᠠᠴᠠ ᠤᠶᠢᠯᠠᠭᠠᠬᠰᠠᠨ ᠢᠶᠠᠷ᠂ ᠦᠨᠦ ᠵᠢᠯ ᠤᠯᠠᠭᠠᠨᠬᠦᠦ ᠶᠢᠨ | ᠰᠠᠭᠤᠷᠢ ᠮᠦᠩᠭᠦᠨ ᠤ ᠨᠡᠶᠢᠭᠡᠮᠯᠢᠭ ︽ᠤᠯᠠᠭᠠᠨᠬᠦᠦ ᠶᠢᠨ ᠱᠠᠩᠨᠠᠯ ᠤᠨ ᠮᠦᠩᠭᠦ︾ ᠶᠢᠨ ᠤᠷᠮᠠᠰᠢᠭᠤᠯᠤᠨ ᠱᠠᠩᠨᠠᠬᠤ ᠬᠦᠷᠢᠶ᠎ᠡ ᠬᠡᠪᠴᠢᠶ᠎ᠡ ᠶᠢ ᠤᠯᠠᠮ ᠦᠷᠭᠡᠳᠬᠡᠨ᠂ | ᠰᠠᠩᠨᠠᠬᠤ ᠬᠦᠷᠢᠶ᠎ᠡ ᠬᠡᠪᠴᠢᠶ᠎ᠡ ᠶᠢ 2 ᠰᠤᠷᠭᠠᠭᠤᠯᠢ ᠠᠴᠠ 17 ᠰᠤᠷᠭᠠᠭᠤᠯᠢ ᠪᠤᠯᠭᠠᠨ ᠦᠷᠭᠡᠳᠬᠡᠭᠰᠡᠨ ᠪᠠᠶᠢᠨ᠎ᠠ᠃ | ᠤᠶᠢᠯᠠᠭᠠᠬᠰᠠᠨ ᠢᠶᠠᠷ᠂ ᠤᠯᠠᠭᠠᠨᠬᠦᠦ ᠶᠢᠨ ᠰᠠᠭᠤᠷᠢ ᠮᠦᠩᠭᠦᠨ ᠤ ᠨᠡᠶᠢᠭᠡᠮᠯᠢᠭ 2008 ᠤᠨ ᠠᠴᠠ ᠨᠠᠭᠠᠰᠢ ᠦᠪᠦᠷ ᠮᠤᠩᠭᠤᠯ ᠤᠨ ᠶᠡᠭᠡ ᠰᠤᠷᠭᠠᠭᠤᠯᠢ | ᠪᠤᠯᠤᠨ ᠬᠦᠬᠡᠬᠤᠲᠠ ᠦᠨᠳᠦᠰᠦᠲᠡᠨ ᠤ ᠳᠡᠭᠡᠳᠤ ᠰᠤᠷᠭᠠᠭᠤᠯᠢ ᠳᠤ ︽ᠤᠯᠠᠭᠠᠨᠬᠦᠦ ᠶᠢᠨ ᠱᠠᠩᠨᠠᠯ ᠤᠨ ᠮᠦᠩᠭᠦ︾ ᠶᠢ ᠲᠤᠬᠢᠷᠠᠭᠤᠯᠵᠦ᠂ ᠰᠤᠷᠤᠯᠭ᠎ᠠ ᠮᠤᠷᠠᠯ | ᠰᠠᠶᠢᠲᠠᠢ ᠤᠶᠤᠲᠠᠳ ᠢ ᠱᠠᠩᠨᠠᠨ ᠬᠦᠬᠢᠭᠦᠯᠵᠦ᠂ ᠤᠳᠤ ᠪᠤᠯᠲᠠᠯ᠎ᠠ ᠨᠡᠶᠢᠲᠡ 770 ᠰᠤᠷᠤᠬᠴᠢ ᠶᠢ ᠱᠠᠩᠨᠠᠵᠠᠢ᠃ ᠱᠠᠩᠨᠠᠯ ᠤᠨ ᠮᠦᠩᠭᠦ ᠶᠢᠨ ᠶᠤᠰᠤ ᠮᠤᠷᠠᠯ ᠲᠠᠢ | ᠬᠦᠮᠦᠨ ᠬᠦᠮᠦᠵᠢᠭᠦᠯᠬᠦ ᠶᠢ ᠲᠤᠰᠠᠯᠠᠬᠤ ᠴᠢᠳᠠᠪᠬᠢ ᠶᠢ ᠤᠯᠠᠮ ᠰᠠᠶᠢᠨ ᠪᠠᠳᠠᠷᠠᠭᠤᠯᠬᠤ ᠶᠢᠨ ᠲᠤᠯᠠᠲᠠ ᠤᠯᠠᠭᠠᠨᠬᠦᠦ ᠰᠠᠭᠤᠷᠢ ᠮᠦᠩᠭᠦᠨ ᠤ ᠨᠡᠶᠢᠭᠡᠮᠯᠢᠭ ᠤᠨ ᠬᠡᠷᠡᠭ | ᠮᠡᠳᠡᠭᠴᠢᠳ ᠠᠴᠠ ᠦᠨᠦ ᠵᠢᠯ ᠠᠴᠠ ᠡᠬᠢᠯᠡᠨ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠡᠳ᠋ ᠤᠨ ᠵᠠᠰᠠᠬ ᠤᠨ ᠶᠡᠭᠡ | ᠰᠤᠷᠭᠠᠭᠤᠯᠢ᠂ ᠪᠤᠭᠤᠳᠤ ᠶᠢᠨ ᠡᠮᠨᠡᠯᠭᠡ ᠶᠢᠨ ᠳᠡᠭᠡᠳᠤ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠤ ᠰᠤᠷᠭᠠᠭᠤᠯᠢ᠂ ᠤᠯᠠᠭᠠᠨᠬᠠᠳᠠ ᠶᠢᠨ ᠳᠡᠭᠡᠳᠤ | ᠰᠤᠷᠭᠠᠭᠤᠯᠢ᠂ ᠬᠦᠯᠦᠨ ᠪᠤᠶᠢᠷ ᠳᠡᠭᠡᠳᠤ ᠰᠤᠷᠭᠠᠭᠤᠯᠢ᠂ ᠵᠢᠨᠢᠩ ᠤᠨ ᠪᠠᠭᠰᠢ ᠶᠢᠨ ᠳᠡᠭᠡᠳᠤ ᠰᠤᠷᠭᠠᠭᠤᠯᠢ᠂ ᠪᠤᠷᠤᠲᠤᠬᠤᠢ ᠳᠡᠭᠡᠳᠤ ᠰᠤᠷᠭᠠᠭᠤᠯᠢ᠂ ᠦᠪᠦᠷ | ᠮᠤᠩᠭᠤᠯ ᠤᠨ ᠤᠷᠠᠯᠢᠬ ᠤᠨ ᠳᠡᠭᠡᠳᠤ ᠰᠤᠷᠭᠠᠭᠤᠯᠢ᠂ ᠤᠷᠳᠤᠰ ᠤᠨ ᠬᠡᠷᠡᠭᠯᠡᠭᠡᠨ ᠤ ᠲᠤᠭ᠍ᠨᠤᠯᠤᠬᠢ ᠶᠢᠨ ᠳᠡᠭᠡᠳᠤ ᠰᠤᠷᠭᠠᠭᠤᠯᠢ ᠵᠡᠷᠭᠡ 15 ᠰᠤᠷᠭᠠᠭᠤᠯᠢ ᠳᠤ ᠴᠦ | ︽ᠤᠯᠠᠭᠠᠨᠬᠦᠦ ᠶᠢᠨ ᠱᠠᠩᠨᠠᠯ ᠤᠨ ᠮᠦᠩᠭᠦ︾ ᠶᠢ ᠲᠤᠬᠢᠷᠠᠭᠤᠯᠵᠠᠢ᠃ |