ᠵᠡᠮᠳᠡᠭᠴᠦᠳ ᠤᠨ ︽ᠬᠤᠶᠠᠷ ᠵᠤᠶᠢᠯ ᠤᠨ ᠨᠥᠬᠦᠪᠥᠷᠢ︾ ᠶᠢᠨ ᠠᠵᠢᠯ ᠢ ᠤᠯᠠᠮ ᠨᠢᠭᠡ ᠠᠯᠬᠤᠮ | ᠠᠬᠢᠭᠤᠯᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 10 ᠤ ᠦᠳᠡᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ ᠬᠠᠷᠢᠶ᠎ᠠ ᠣᠷᠣᠨ ᠤ 1 ᠪᠠᠯᠭᠠᠰᠣ 8 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠵᠤ ᠵᠡᠮᠳᠡᠭᠴᠦᠳ ᠤᠨ ︽ᠬᠤᠶᠠᠷ ᠵᠤᠶᠢᠯ ᠤᠨ ᠨᠥᠬᠦᠪᠥᠷᠢ | ︾ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠢ ᠠᠷᠠᠳ ᠤᠨ ᠶᠠᠪᠤᠳᠠᠯ ᠤᠨ ᠲᠣᠪᠴᠢᠶ᠎ᠠ ᠶᠢᠨ | ᠵᠡᠮᠳᠡᠭᠴᠦᠳ ᠤᠨ ᠬᠤᠶᠠᠷ ᠵᠤᠶᠢᠯ ᠤᠨ ᠨᠥᠬᠦᠪᠥᠷᠢ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ | ᠯᠢᠦ ᠭᠠᠩ ᠡᠷᠭᠢᠯᠡᠪᠡ᠃ ᠬᠤᠷᠠᠯ ᠠᠴᠠ ᠬᠤᠶᠠᠷ ᠵᠤᠶᠢᠯ ᠤᠨ ᠨᠥᠬᠦᠪᠥᠷᠢ ᠶᠢᠨ ᠠᠵᠢᠯ ᠤᠨ ᠳᠤᠮᠳᠠ ᠣᠳᠣᠬᠠᠨ ᠳᠤ | ᠣᠷᠣᠰᠢᠵᠤ ᠪᠠᠶᠢᠭ᠎ᠠ ︽ᠪᠣᠶ ᠪᠦᠬᠦᠢ ᠦᠨᠡᠮᠯᠡᠯ ᠲᠠᠢ ᠬᠥᠮᠦᠰ ᠬᠤᠶᠠᠷ ᠵᠤᠶᠢᠯ ᠤᠨ ᠨᠦᠬᠦᠪᠦᠷᠢ ᠡᠳ᠋ᠯᠡᠬᠦ ᠶᠢ | ᠨᠡᠶᠢᠳᠡᠮ ᠳᠤ ᠨᠢ ᠪᠦᠷᠬᠦᠭᠦᠯᠬᠦ︾ ᠬᠦᠴᠢᠷ ᠠᠰᠠᠭᠤᠳᠠᠯ ᠤᠨ ᠲᠠᠯ᠎ᠠ ᠪᠠᠷ ᠲᠣᠬᠢᠷᠠᠭᠤᠯᠤᠯᠲᠠ ᠪᠠᠶᠢᠷᠢᠯᠠᠭᠤᠯᠤᠯᠳᠠ | ᠬᠢᠭᠰᠡᠨ ᠤ ᠬᠠᠮᠳᠤ ᠤᠶᠢᠷ᠎ᠠ ᠶᠢᠨ ᠬᠤᠭᠤᠴᠠᠭᠠᠨ ᠤ ᠠᠵᠢᠯ ᠢ ᠲᠣᠬᠢᠷᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ | ᠭᠤᠤᠯ ᠤᠳᠤᠷᠢᠳᠤᠯᠭ᠎ᠠ ᠳᠤ ᠬᠠᠷᠢᠭᠤ ᠮᠡᠳᠡᠭᠦᠯᠵᠦ᠂ ᠤᠳᠤᠷᠢᠳᠤᠯᠭ᠎ᠠ ᠶᠢᠨ ᠳᠡᠮᠵᠢᠯᠭᠡ ᠶᠢ ᠢᠳᠡᠪᠬᠢᠲᠡᠢ ᠤᠯᠬᠤ | ᠬᠡᠷᠡᠭᠳᠡᠢ᠃ ᠬᠤᠶᠠᠷ ᠲᠤ ᠵᠡᠮᠳᠡᠭᠴᠦᠳ ᠤᠨ ︽ᠬᠤᠶᠠᠷ ᠵᠤᠶᠢᠯ ᠤᠨ ᠨᠥᠬᠦᠪᠥᠷᠢ︾ ᠶᠢ ᠰᠠᠷ᠎ᠠ ᠪᠠᠷ ᠣᠯᠭᠤᠬᠤ ᠶᠢ | ᠪᠠᠲᠤᠯᠠᠵᠤ᠂ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠡᠷᠬᠡᠪᠰᠢ ᠪᠣᠳᠠᠲᠠᠶᠢᠵᠢᠭᠤᠯᠬᠤ ᠬᠡᠷᠡᠭᠲᠡᠶ᠃ | ᠭᠤᠷᠪᠠ ᠳᠤ ᠵᠡᠮᠳᠡᠭᠴᠦᠳ ᠤᠨ ᠪᠡᠶ᠎ᠡ ᠶᠢᠨ ᠭᠠᠷᠤᠯ ᠢ ᠭᠡᠷᠡᠴᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠣᠷᠣᠰᠢᠨ | ᠲᠣᠭᠲᠠᠨᠢᠬᠤ ᠭᠡᠷᠡᠴᠢᠯᠡᠯ᠂ ᠡᠷᠦᠭᠡ ᠠᠮᠠ ᠶᠢᠨ ᠳᠠᠩᠰᠠ ᠶᠢ ᠬᠤᠪᠢᠷᠠᠭᠤᠯᠬᠤ᠂ ᠵᠡᠮᠳᠡᠭ ᠤᠨ ᠳᠡᠰ ᠢ ᠬᠤᠪᠢᠷᠠᠭᠤᠯᠬᠤ | ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ ᠳᠥᠷᠪᠡ ᠳᠤ ᠵᠡᠮᠳᠡᠭᠴᠦᠳ ᠤᠨ ︽ᠬᠤᠶᠠᠷ | ᠵᠤᠶᠢᠯ ᠤᠨ ᠨᠥᠬᠦᠪᠥᠷᠢ︾ ᠨᠡᠶᠢᠳᠡᠮ ᠳᠤ ᠨᠢ ᠪᠦᠷᠬᠦᠭᠦᠯᠬᠦ ᠠᠵᠢᠯ ᠢ ᠰᠠᠶᠢᠲᠤᠷ ᠬᠢᠵᠦ᠂ ᠭᠤᠶᠤᠴᠢᠯᠠᠭᠰᠠᠨ ᠦᠭᠡᠢ | ᠬᠥᠮᠦᠰ ᠤᠨ ᠰᠢᠯᠲᠠᠭᠠᠨ ᠢ ᠨᠢ ᠣᠶᠢᠯᠠᠭᠠᠬᠤ ᠬᠡᠷᠡᠭᠲᠡᠶ᠃ ᠲᠠᠪᠤ ᠳᠤ ᠵᠡᠮᠳᠡᠭᠴᠦᠳ ᠤᠨ ︽ᠬᠤᠶᠠᠷ ᠵᠤᠶᠢᠯ ᠤᠨ | ᠨᠥᠬᠦᠪᠥᠷᠢ︾ ᠶᠢᠨ ᠬᠥᠮᠦᠰ ᠤᠨ ᠢᠲᠡᠭᠡᠮᠵᠢ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠪᠡᠯᠡ ᠮᠥᠩᠭᠦ ᠶᠢ ᠣᠨᠣᠪᠴᠢᠲᠠᠶ ᠣᠯᠭᠤᠬᠤ ᠶᠢ ᠪᠠᠲᠤᠯᠠᠬᠤ | ᠬᠡᠷᠡᠭᠲᠡᠶ᠃ | | | | | | | |