ᠵᠡᠪᠰᠡᠭᠲᠦ ᠴᠠᠭᠳᠠᠭᠠᠨ ᠤ ᠬᠦᠬᠡᠬᠤᠲᠠ ᠶᠢᠨ ᠴᠠᠭᠳᠠᠭᠤᠯ ᠨᠤᠬᠠᠢ ᠶᠢᠨ ᠰᠠᠭᠤᠷᠢᠨ ᠭᠠᠵᠠᠷ ᠨᠢ ᠰᠢᠨ᠎ᠡ ᠬᠤᠲᠠ ᠲᠣᠭᠤᠷᠢᠭ ᠤᠨ ᠶᠠᠳᠠᠭᠤ ᠬᠦᠴᠢᠷᠳᠡᠯᠲᠡᠶ ᠡᠷᠦᠬᠡ ᠯᠦᠭᠡ ᠢᠳᠡᠪᠬᠢᠲᠡᠢ ᠪᠠᠷ ᠳᠠᠭᠠᠭᠠᠴᠢᠯᠠᠨ ᠲᠡᠳᠬᠦᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-09-16
     9 ᠳ᠋ᠦ᠋ᠭᠡᠷ ᠰᠠᠷ᠎ᠠ ᠶᠢᠨ 11 ᠤ ᠦᠳᠡ ᠶᠢᠨ ᠡᠮᠦᠨ᠎ᠡ᠂ ᠬᠦᠬᠡᠬᠤᠲᠠ ᠶᠢᠨ ᠴᠠᠭᠳᠠᠭᠤᠯ ᠨᠣᠬᠠᠶ ᠶᠢᠨ ᠰᠠᠭᠤᠷᠢᠨ ᠭᠠᠵᠠᠷ ᠤᠨ ᠤᠯᠤᠰ ᠲᠥᠷᠥ ᠶᠢᠨ ᠬᠡᠯᠲᠡᠰ ᠤᠨ ᠶᠣᠣ ᠶᠤᠸᠠᠢ ᠰᠢᠩ ᠡᠷᠬᠢᠯᠡᠭᠴᠢ ᠰᠢᠨ᠎ᠡ ᠬᠤᠲᠠ ᠲᠣᠭᠤᠷᠢᠭ ᠤᠨ ᠬᠠᠯᠠᠭᠠᠶ ᠲᠣᠰᠬᠤᠨ᠂ ᠬᠠᠷᠠᠴᠢᠨ ᠲᠣᠰᠬᠤᠨ᠂ ᠪᠦᠦ ᠾᠧ ᠱᠣᠣ ᠲᠣᠰᠬᠤᠨ᠂ ᠱᠠᠩ ᠰᠢᠨ ᠶᠢᠩ ᠲᠣᠰᠬᠤᠨ ᠳᠤ ᠬᠦᠷᠴᠦ᠂ ᠳᠠᠩᠰᠠᠯᠠᠨ ᠺᠠᠷᠲᠯᠠᠭᠰᠠᠨ ᠵᠢᠷᠭᠤᠭᠠᠨ ᠶᠠᠳᠠᠭᠤ ᠬᠦᠴᠢᠷᠳᠡᠯᠲᠡᠶ ᠡᠷᠦᠬᠡ ᠵᠢᠴᠢ ᠶᠠᠳᠠᠭᠤ ᠬᠦᠴᠢᠷᠳᠡᠯ ᠤᠨ ᠬᠦᠪᠡᠭᠡ ᠵᠠᠬ᠎ᠠ ᠶᠢᠨ ᠡᠷᠦᠬᠡ ᠳᠤ ᠳᠠᠭᠠᠭᠠᠴᠢᠯᠠᠨ ᠲᠡᠳᠬᠦᠬᠦ ᠠᠵᠢᠯᠯᠠᠭ᠎ᠠ ᠥᠷᠨᠢᠭᠦᠯᠪᠡ᠃ ᠨᠠᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠦᠨᠡᠬᠡᠨ᠂ ᠴᠠᠭᠳᠠᠭᠤᠯ ᠨᠣᠬᠠᠶ ᠶᠢᠨ ᠰᠠᠭᠤᠷᠢᠨ ᠭᠠᠵᠠᠷ ᠶᠠᠳᠠᠭᠤ ᠬᠦᠴᠢᠷᠳᠡᠯᠲᠡᠶ ᠡᠷᠦᠬᠡ ᠳᠤ ᠪᠤᠳᠠᠭ᠎ᠠ᠂ ᠭᠤᠯᠢᠷ᠂ ᠲᠣᠰᠣ ᠵᠡᠷᠭᠡ ᠠᠮᠢᠳᠤᠷᠠᠯ ᠤᠨ ᠡᠳ᠋ ᠪᠣᠳᠠᠰ ᠵᠢᠴᠢ ᠬᠠᠪᠰᠤᠷᠤᠨ ᠲᠡᠳᠬᠦᠬᠦ ᠪᠠᠯᠠ ᠮᠥᠩᠭᠦ ᠬᠦᠷᠭᠡᠭᠰᠡᠨ ᠢᠶᠠᠷ ᠪᠠᠷᠠᠬᠤ ᠥᠬᠡᠶ ᠪᠠᠰᠠ ᠶᠠᠳᠠᠭᠤ ᠬᠦᠴᠢᠷᠳᠡᠯᠲᠡᠶ ᠡᠷᠦᠬᠡ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠪᠡ᠃ ᠲᠠᠷᠠᠭᠠᠴᠢ ᠶᠢᠨ ᠠᠯᠬᠤᠮ ᠳᠤ᠂ ᠰᠢᠨ᠎ᠡ ᠬᠤᠲᠠ ᠲᠣᠭᠤᠷᠢᠭ ᠡᠯ᠎ᠡ ᠵᠤᠶᠢᠯ ᠤᠨ ᠠᠷᠭ᠎ᠠ ᠵᠠᠮ ᠪᠠ ᠠᠷᠭ᠎ᠠ ᠬᠡᠯᠪᠡᠷᠢ ᠪᠠᠷ ᠨᠡᠶᠢᠭᠡᠮ ᠤᠨ ᠡᠯ᠎ᠡ ᠡᠲᠡᠭᠡᠳ ᠤᠨ ᠠᠷᠠᠳ ᠲᠦᠮᠡᠨ ᠢ ᠵᠢᠯᠤᠭᠤᠳᠤᠨ ᠳᠠᠶᠢᠴᠢᠯᠠᠵᠤ ᠶᠠᠳᠠᠭᠤ ᠶᠢ ᠲᠡᠳᠬᠦᠬᠦ ᠠᠵᠢᠯ ᠳᠤ ᠤᠷᠤᠯᠴᠠᠭᠤᠯᠤᠨ᠂ ᠤᠯᠠᠮ ᠨᠢᠭᠡ ᠠᠯᠬᠤᠮ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠪᠠᠲᠤᠯᠠᠭ᠎ᠠ ᠪᠠ ᠬᠠᠪᠰᠤᠷᠤᠯᠭ᠎ᠠ ᠶᠢ ᠴᠢᠩᠭᠠᠷᠠᠭᠤᠯᠬᠤ ᠬᠡᠷᠡᠭᠲᠡᠢ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号