ᠮᠠᠨ ᠤ ᠬᠤᠲᠠ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠭᠡᠷᠡᠴᠢ ᠶᠢ ᠰᠦᠯᠵᠢᠶᠡᠨ ᠳᠡᠭᠡᠷ᠎ᠡ ᠠᠴᠠ ᠥᠪᠡᠷᠲᠡᠭᠡᠨ ᠳᠠᠷᠤᠮᠠᠯᠯᠠᠬᠤ ᠦᠢᠯᠡᠴᠢᠯᠡᠭᠡ ᠬᠠᠩᠭᠠᠬᠤ ᠪᠣᠯᠪᠠ
ᠨᠡᠶᠢᠲᠡᠯᠡᠭᠰᠡᠨ ᠴᠠᠭ᠄
2019-09-16
       ︵ᠰᠤᠷᠪᠤᠯᠵᠢᠯᠠᠭᠴᠢ ᠮᠢᠶᠥᠥ ᠴᠢᠩ︶ ᠣᠷᠴᠢᠮᠬᠠᠨ ᠣᠶᠢᠯᠭᠠᠭᠰᠠᠨ ᠢᠶᠠᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ︽ᠥᠨᠳᠥᠷ ᠦᠷ᠎ᠡ ᠪᠦᠲᠦᠮᠵᠢᠲᠦ ᠳᠥᠭᠦᠮ ᠳᠥᠲᠡ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠪᠠᠷ ᠲᠡᠷᠢᠭᠦᠨ ᠤ ᠠᠷᠠᠯᠵᠢᠶ᠎ᠠ ᠬᠤᠳᠠᠯᠳᠤᠭᠠᠨ ᠤ ᠣᠷᠴᠢᠨ ᠠᠬᠤᠢ ᠶᠢ ᠪᠠᠶᠢᠭᠤᠯᠬᠤ︾ ᠪᠠᠷ ᠬᠠᠷᠠᠯᠲᠠ ᠪᠣᠯᠭᠠᠨ᠂ ᠢᠨᠲ᠋ᠧᠷ ᠰᠦᠯᠵᠢᠶ᠎ᠡ᠂ ᠶᠡᠭᠡ ᠥᠭᠭᠦᠭᠳᠡᠯ ᠵᠡᠷᠭᠡ ᠶᠢᠨ ᠳᠠᠪᠠᠭᠤᠯᠢᠭ ᠢ ᠠᠰᠢᠭᠯᠠᠨ ᠢᠨᠲ᠋ᠧᠷ ᠰᠦᠯᠵᠢᠶ᠎ᠡ + ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠭᠡᠷᠡᠴᠢ᠂ ᠬᠤᠪᠢ ᠬᠥᠮᠥᠨ  ᠤ ᠡᠷᠬᠡ ᠠᠰᠢᠭ ᠤᠨ ᠬᠠᠭᠤᠳᠠᠰᠤ᠂ ᠰᠦᠢᠳᠬᠡᠯ ᠲᠤᠰᠢᠶᠠᠭᠰᠠᠨ ᠨᠠᠷᠢᠨ ᠳᠠᠩᠰᠠ ᠶᠢ ᠰᠦᠯᠵᠢᠶᠡᠨ ᠳᠡᠭᠡᠷ᠎ᠡ ᠠᠴᠠ ᠥᠪᠡᠷᠲᠡᠭᠡᠨ ᠳᠠᠷᠤᠮᠠᠯᠯᠠᠬᠤ ᠦᠢᠯᠡᠴᠢᠯᠡᠭᠡ ᠬᠠᠩᠭᠠᠬᠤ ᠪᠣᠯᠪᠠ᠃      ᠣᠶᠢᠯᠭᠠᠭᠰᠠᠨ ᠢᠶᠠᠷ᠂ ᠡᠨᠡ ᠤᠳᠠᠭ᠎ᠠ ᠶᠢᠨ ᠰᠢᠨ᠎ᠡ ᠪᠠᠷ ᠨᠡᠮᠡᠭᠰᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠭᠡᠷᠡᠴᠢ᠂ ᠬᠤᠪᠢ ᠬᠥᠮᠥᠨ  ᠤ ᠡᠷᠬᠡ ᠠᠰᠢᠭ ᠤᠨ ᠬᠠᠭᠤᠳᠠᠰᠤ᠂ ᠰᠦᠢᠳᠬᠡᠯ ᠲᠤᠰᠢᠶᠠᠭᠰᠠᠨ ᠨᠠᠷᠢᠨ ᠳᠠᠩᠰᠠ ᠶᠢ ᠰᠦᠯᠵᠢᠶᠡᠨ ᠳᠡᠭᠡᠷ᠎ᠡ ᠠᠴᠠ ᠥᠪᠡᠷᠲᠡᠭᠡᠨ ᠳᠠᠷᠤᠮᠠᠯᠯᠠᠬᠤ ᠴᠢᠳᠠᠪᠤᠷᠢ ᠵᠢᠩᠬᠢᠨᠢ ᠪᠠᠷ ᠬᠡᠷᠡᠭᠯᠡᠯᠲᠡ ᠳᠤ ᠣᠷᠣᠵᠤ᠂ ᠦᠢᠯᠡᠴᠢᠯᠡᠭᠦᠯᠦᠭᠴᠢ ᠡᠲᠡᠭᠡᠳ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠰᠦᠯᠵᠢᠶ᠎ᠡ ᠶᠢᠨ ᠬᠤᠪᠢ ᠬᠥᠮᠥᠨ ᠤ ᠰᠦᠯᠵᠢᠶᠡᠨ ᠳᠡᠭᠡᠷᠡᠬᠢ ᠦᠢᠯᠡᠴᠢᠯᠡᠭᠡ ᠶᠢᠨ ᠲᠢᠩᠬᠢᠮ ᠳᠤ ᠣᠷᠣᠵᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠭᠡᠷᠡᠴᠢ᠂ ᠬᠤᠪᠢ ᠬᠥᠮᠥᠨ  ᠤ ᠡᠷᠬᠡ ᠠᠰᠢᠭ ᠤᠨ ᠬᠠᠭᠤᠳᠠᠰᠤ᠂ ᠰᠦᠢᠳᠬᠡᠯ ᠲᠤᠰᠢᠶᠠᠭᠰᠠᠨ ᠨᠠᠷᠢᠨ ᠳᠠᠩᠰᠠ ᠪᠠᠨ ᠳᠠᠷᠤᠮᠠᠯᠯᠠᠵᠤ ᠪᠣᠯᠣᠨ᠎ᠠ᠃ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠣᠯᠠᠨ ᠠᠷᠭ᠎ᠠ ᠵᠠᠮ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢᠨ ᠰᠢᠨ᠎ᠡ ᠵᠠᠭᠪᠤᠷ ᠢ ᠪᠠᠶᠢᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠭᠡᠷᠡᠴᠢ᠂ ᠰᠦᠢᠳᠬᠡᠯ ᠲᠤᠰᠢᠶᠠᠭᠰᠠᠨ ᠨᠠᠷᠢᠨ ᠳᠠᠩᠰᠠ ᠶᠢ ᠦᠢᠯᠡᠴᠢᠯᠡᠭᠡ ᠶᠢᠨ ᠴᠣᠩᠬᠤ ᠪᠠᠷ ᠭᠦᠢᠴᠡᠳᠬᠡᠵᠤ ᠪᠠᠶᠢᠭᠰᠠᠨ ᠤᠯᠠᠮᠵᠢᠯᠠᠯᠲᠤ ᠦᠢᠯᠡᠴᠢᠯᠡᠭᠡ ᠶᠢᠨ ᠬᠢᠵᠠᠭᠠᠷᠳᠠᠮᠠᠯ ᠴᠢᠨᠠᠷ ᠢ ᠳᠠᠪᠠᠵᠤ᠂ ᠦᠢᠯᠡᠴᠢᠯᠡᠭᠦᠯᠦᠭᠴᠢ ᠡᠲᠡᠭᠡᠳ ᠲᠤ ᠬᠠᠮᠤᠭ ᠤᠨ ᠶᠡᠭᠡ ᠬᠡᠮᠵᠢᠶᠡᠨ ᠤ ᠳᠥᠭᠦᠮ ᠦᠵᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠡᠷᠢᠶᠡᠨ ᠴᠣᠬᠤᠷ ᠢᠶᠠᠷ ᠰᠢᠯᠭᠠᠬᠤ ᠴᠢᠳᠠᠪᠤᠷᠢ ᠶᠢ ᠠᠰᠢᠭᠯᠠᠨ᠂ ᠦᠨᠡᠨ ᠬᠤᠳᠠᠯ ᠢ ᠳᠣᠣᠷ᠎ᠠ ᠨᠢ ᠰᠢᠯᠭᠠᠨ ᠪᠠᠶᠢᠴᠠᠭᠠᠵᠤ᠂ ᠰᠦᠯᠵᠢᠶᠡᠨ ᠳᠡᠭᠡᠷ᠎ᠡ ᠠᠴᠠ ᠳᠠᠷᠤᠮᠠᠯᠯᠠᠬᠤ ᠶᠢᠨ ᠠᠶᠤᠯᠭᠦᠢ ᠶᠢ ᠪᠠᠲᠤᠯᠠᠵᠤ ᠪᠣᠯᠣᠨ᠎ᠠ᠃ ᠡᠨᠡ ᠬᠦ ᠴᠢᠳᠠᠪᠤᠷᠢ ᠶᠢᠨ ᠬᠡᠷᠡᠭᠯᠡᠯᠲᠡ ᠳᠤ ᠣᠷᠣᠭᠰᠠᠨ ᠨᠢ ᠦᠢᠯᠡᠴᠢᠯᠡᠭᠦᠯᠦᠭᠴᠢ ᠡᠲᠡᠭᠡᠳ ᠤᠨ ᠳᠠᠭᠠᠳᠬᠠᠯ ᠳᠤ ᠣᠷᠣᠯᠴᠠᠭᠰᠠᠨ ᠭᠡᠷᠡᠴᠢ ᠭᠠᠷᠭᠠᠬᠤ ᠴᠠᠭ ᠢ ᠠᠷᠪᠢᠯᠠᠵᠤ᠂ ᠠᠵᠢᠯ ᠤᠨ ᠪᠦᠲᠦᠮᠵᠢ ᠶᠢ ᠳᠡᠭᠡᠭᠰᠢᠯᠡᠭᠦᠯᠦᠨ᠂ ᠮᠡᠳᠡᠭᠡ ᠵᠠᠩᠭᠢ ᠶᠢ ᠬᠤᠪᠢᠶᠠᠯᠴᠠᠬᠤ ᠪᠠᠷ ᠳᠠᠮᠵᠢᠨ᠂  ︽ᠰᠦᠯᠵᠢᠶᠡᠨ ᠤ ᠲᠤᠭ᠎ᠠ ᠪᠠᠷᠢᠮᠲᠠ ᠢᠯᠡᠭᠦᠦ ᠭᠦᠶᠦᠵᠦ᠂ ᠣᠯᠠᠨ ᠲᠦᠮᠡᠨ ᠠᠵᠤ ᠠᠬᠤᠶᠢᠯᠠᠯ ᠳᠤᠲᠠᠭᠤ ᠵᠠᠮ ᠶᠠᠪᠤᠬᠤ︾ ᠶᠢ ᠦᠨᠡᠨᠬᠦ  ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号