ᠬᠤᠨᠢᠨ ᠤ ᠴᠡᠴᠡᠭ ᠡᠪᠡᠳᠴᠢᠨ ᠵᠢᠴᠢ ᠲᠡᠭᠦᠨ ᠤ ᠰᠡᠷᠭᠡᠶᠢᠯᠡᠯᠲᠡ
ᠨᠡᠶᠢᠲᠡᠯᠡᠭᠰᠡᠨ ᠴᠠᠭ᠄
2019-09-16
      ᠬᠤᠨᠢᠨ ᠤ ᠴᠡᠴᠡᠭ ᠤᠨ ᠸᠢᠷᠦ᠋ᠰ ᠠᠴᠠ ᠡᠭᠦᠰᠦᠭᠰᠡᠨ ᠨᠢᠭᠡ ᠵᠦᠢᠯ ᠤᠨ ᠲᠦᠷᠭᠡᠨ ᠴᠢᠨᠠᠷᠲᠠᠢ᠂ ᠬᠠᠯᠠᠭᠤᠨ ᠴᠢᠨᠠᠷᠲᠠᠢ᠂ ᠬᠦᠷᠦᠯᠴᠡᠬᠦ ᠴᠢᠨᠠᠷᠲᠠᠢ ᠬᠠᠯᠳᠠᠪᠤᠷᠢᠲᠤ ᠡᠪᠡᠳᠴᠢᠨ ᠪᠣᠯᠣᠨ᠎ᠠ᠃ ᠡᠪᠡᠳᠴᠢᠲᠡᠢ ᠬᠤᠨᠢ ᠪᠣᠯ ᠲᠤᠰ ᠡᠪᠡᠳᠴᠢᠨ ᠤ ᠭᠤᠣᠯ ᠬᠠᠯᠳᠠᠪᠤᠷᠢᠯᠠᠬᠤ ᠡᠬᠢ ᠮᠥᠨ᠃ ᠡᠭᠦᠨ ᠢ ᠠᠷᠠᠰᠤᠨ ᠤ ᠬᠡᠯᠪᠡᠷᠢ ᠪᠠ ᠳᠣᠲᠣᠷ ᠡᠷᠬᠡᠲᠡᠨ ᠤ ᠬᠡᠯᠪᠡᠷᠢ ᠭᠡᠵᠦ ᠬᠤᠶᠠᠷ ᠵᠦᠢᠯ ᠳᠤ ᠠᠩᠭᠢᠯᠠᠳᠠᠭ᠃ ᠰᠢᠨᠵᠢ ᠲᠡᠮᠳᠡᠭ ᠨᠢ ᠭᠤᠣᠯᠳᠠᠭᠤ ᠪᠡᠶ᠎ᠡ ᠶᠢᠨ ᠬᠠᠯᠠᠭᠤᠨ ᠳᠡᠭᠡᠭᠰᠢᠯᠡᠬᠦ᠂ ᠴᠤᠭ ᠰᠦᠯᠳᠡ ᠦᠭᠡᠢ ᠪᠣᠯᠬᠤ᠂ ᠢᠳᠡᠰᠢᠨ ᠳᠤᠷᠠᠰᠢᠯ ᠮᠠᠭᠤᠳᠠᠬᠤ ᠪᠤᠶᠤ ᠦᠭᠡᠢ ᠪᠣᠯᠬᠤ᠂ ᠨᠢᠰᠤ ᠭᠤᠭᠤᠵᠢᠬᠤ᠂ ᠪᠦᠬᠦ ᠪᠡᠶ᠎ᠡ ᠳᠤ ᠴᠡᠴᠡᠭ ᠤᠨ ᠡᠰᠡᠷᠭᠡᠨ᠎ᠡ ᠢᠯᠡᠷᠡᠨ᠎ᠡ᠃ ᠪᠤᠢ ᠪᠦᠬᠦᠢ ᠡᠷᠡᠭᠦᠯ ᠬᠤᠨᠢᠨ ᠳᠤ ᠴᠥᠮ ᠬᠤᠨᠢᠨ ᠤ ᠴᠡᠴᠡᠭ ᠡᠪᠡᠳᠴᠢᠨ ᠤ ᠸᠠᠺᠽᠢᠨ ᠲᠠᠷᠢᠬᠤ ᠪᠠᠷ ᠳᠠᠮᠵᠢᠨ ᠰᠡᠷᠭᠡᠶᠢᠯᠡᠳᠡᠭ᠃ ᠪᠣᠳᠠᠲᠠᠢ ᠠᠷᠭ᠎ᠠ ᠨᠢ ᠸᠠᠺᠽᠢᠨ ᠤ ᠲᠣᠳᠣᠷᠬᠠᠶᠢᠯᠠᠯᠲᠠ ᠶᠢᠨ ᠪᠢᠴᠢᠭ ᠶᠣᠰᠣᠭᠠᠷ ᠰᠢᠩᠭᠡᠯᠡᠵᠦ ᠬᠤᠨᠢ ᠪᠦᠷᠢ ᠳᠤ 0.5ml ᠤᠨ ᠪᠠᠷᠢᠮᠵᠢᠶ᠎ᠠ ᠪᠠᠷ᠂ ᠬᠤᠨᠢᠨ ᠭᠤᠶ᠎ᠠ ᠶᠢᠨ ᠠᠷᠠᠰᠤᠨ ᠳᠣᠣᠷ᠎ᠠ ᠲᠠᠷᠢᠨ᠎ᠠ᠃ ᠬᠢᠵᠢᠭᠲᠦ ᠣᠷᠣᠨ ᠠᠴᠠ ᠬᠤᠨᠢ ᠬᠤᠳᠠᠯᠳᠤᠨ ᠠᠪᠬᠤ ᠪᠤᠶᠤ ᠳᠠᠮᠵᠢᠨ ᠵᠥᠭᠡᠭᠡᠪᠦᠷᠢᠯᠡᠬᠦ ᠶᠢ ᠡᠷᠡᠰ ᠬᠤᠷᠢᠭᠯᠠᠨ᠎ᠠ᠂ ᠡᠪᠡᠳᠴᠢᠲᠡᠢ ᠬᠤᠨᠢ ᠢᠯᠡᠷᠡᠮᠡᠭᠴᠡ ᠴᠠᠭ ᠲᠤᠬᠠᠢ  ᠳᠤᠨᠢ ᠲᠤᠰᠠᠭᠠᠷᠯᠠᠨ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号