ᠦᠴᠤᠸᠠᠨ ᠰᠢᠶᠠᠨ ᠰᠤᠷᠭᠠᠨ ᠬᠥᠮᠦᠵᠢᠯ ᠤᠨ ᠶᠡᠭᠡ ᠬᠤᠷᠠᠯ ᠵᠢᠴᠢ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-09-17
     ᠭᠤᠴᠢᠨ ᠲᠠᠪᠤᠳᠤᠭᠠᠷ ᠤᠳᠠᠭᠠᠨ ᠤ ᠪᠠᠭᠰᠢ ᠶᠢᠨ ᠪᠠᠶᠠᠷ ᠢ ᠪᠡᠯᠭᠡᠯᠡᠵᠤ᠂ ᠰᠤᠷᠭᠠᠨ ᠬᠥᠮᠦᠵᠢᠯ ᠤᠨ ᠹᠷᠣᠨᠲ ᠲᠤ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠪᠠᠭᠰᠢ ᠪᠣᠯᠤᠨ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ᠂ ᠥᠷᠭᠡᠨ ᠣᠯᠠᠨ ᠪᠠᠭᠰᠢ ᠠᠵᠢᠯᠲᠠᠨ ᠤ ᠴᠢᠷᠮᠠᠶᠢᠨ ᠲᠡᠮᠡᠴᠡᠬᠦ᠂ ᠤᠷᠤᠭᠰᠢᠯᠠᠨ ᠳᠠᠪᠰᠢᠬᠤ᠂ ᠲᠡᠷᠢᠭᠦᠨ ᠤ ᠡᠩᠨᠡᠭᠡᠨ ᠳᠤ ᠣᠷᠣᠬᠤ ᠪᠠᠷ ᠲᠡᠮᠡᠴᠡᠬᠦ ᠶᠢ ᠵᠣᠷᠢᠭᠵᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 10 ᠤ ᠡᠳᠦᠷ᠂ ᠮᠠᠨ ᠤ ᠰᠢᠶᠠᠨ ᠰᠤᠷᠭᠠᠨ ᠬᠥᠮᠦᠵᠢᠯ ᠤᠨ ᠶᠡᠭᠡ ᠬᠤᠷᠠᠯ ᠵᠢᠴᠢ ᠭᠤᠴᠢᠨ ᠲᠠᠪᠤᠳᠤᠭᠠᠷ ᠤᠳᠠᠭᠠᠨ ᠤ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠤ ᠸᠧᠨ ᠪᠢᠶᠣᠤ᠂ ᠰᠢᠶᠠᠨ ᠤ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠷᠠᠯ ᠢ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠬᠠᠳᠠ ᠡᠷᠬᠢᠯᠡᠪᠡ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠶᠢᠨ ᠪᠦᠬᠦ ᠬᠤᠲᠠ ᠶᠢᠨ ᠰᠤᠷᠭᠠᠨ ᠬᠥᠮᠦᠵᠢᠯ ᠤᠨ ᠶᠡᠭᠡ ᠬᠤᠷᠠᠯ ᠵᠢᠴᠢ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ︽2019 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠭᠰᠡᠨ ᠪᠥᠭᠡᠳ ᠰᠤᠷᠭᠠᠨ ᠬᠥᠮᠦᠵᠢᠯ ᠤᠨ ᠹᠷᠣᠨᠲ ᠤᠨ 105 ᠰᠢᠯᠢᠳᠡᠭ ᠪᠠᠭᠰᠢ ᠪᠠ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ ᠢ ᠬᠥᠬᠢᠭᠦᠯᠦᠨ ᠱᠠᠩᠨᠠᠵᠠᠶ      ᠶᠦᠨ ᠬᠠᠢ ᠵᠢᠭᠠᠵᠤ ᠭᠠᠷᠭᠠᠭᠰᠠᠨ ᠨᠢ᠄ ᠡᠨᠡ ᠤᠳᠠᠭ᠎ᠠ ᠶᠢᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠭᠤᠤᠯ ᠡᠭᠦᠷᠭᠡ ᠪᠣᠯ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠬᠦ ᠶᠢ ᠤᠯᠠᠮ ᠴᠢᠨᠠᠭᠰᠢᠳᠠ ᠳᠠᠶᠢᠴᠢᠯᠠᠵᠤ ᠦᠴᠤᠸᠠᠨ ᠰᠢᠶᠠᠨ ᠤ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠳᠣ ᠴᠠᠭ ᠦᠶ᠎ᠡ ᠶᠢᠨ ᠰᠤᠷᠭᠠᠨ ᠬᠥᠮᠦᠵᠢᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠶᠠᠪᠤᠳᠠᠯ ᠪᠣᠯᠤᠨ᠎ᠠ ᠭᠡᠪᠡ᠃      ᠶᠦᠨ ᠬᠠᠢ ᠴᠢᠬᠤᠯᠠᠴᠢᠯᠠᠭᠰᠠᠨ ᠨᠢ᠄ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢᠨ ᠠᠭᠤᠯᠤᠭᠳᠠᠬᠤᠨ ᠡᠯᠪᠡᠭ ᠪᠠᠶᠠᠯᠢᠭ ᠭᠦᠨ ᠭᠦᠨᠵᠡᠭᠡᠶ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠰᠣᠶᠣᠯ ᠢ ᠳᠡᠭᠡᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠢᠯᠢᠳᠡᠭ ᠤᠯᠠᠮᠵᠢᠯᠠᠯ ᠳᠤ ᠦᠨᠳᠦᠰᠦᠯᠡᠭᠰᠡᠨ ᠪᠥᠭᠡᠳ ᠪᠠᠰᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠦᠮᠲᠤ ᠰᠢᠨ᠎ᠡ ᠴᠠᠭ ᠦᠶ᠎ᠡ  ᠳᠤ ᠤᠷᠤᠭᠰᠠᠨ ᠢᠯᠠ ᠲᠣᠳᠣ ᠣᠨᠴᠠᠯᠢᠭ ᠢ ᠢᠯᠡᠷᠡᠭᠦᠯᠵᠦ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠦᠢᠯᠡᠳᠦᠯᠭᠡ ᠲᠠᠢ ᠤᠶᠠᠯᠳᠤᠭᠤᠯᠤᠭᠰᠠᠨ ᠴᠢᠬᠤᠯᠠ ᠶᠡᠭᠡ ᠤᠨᠤᠯ ᠤᠨ ᠣᠬᠢ ᠪᠦᠲᠦᠭᠡᠯ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠠᠵᠢᠯᠯᠠᠭ᠎ᠠ ᠶᠢᠨ ᠵᠢᠯᠤᠭᠤᠳᠤᠮᠵᠢ ᠬᠠᠩᠭᠠᠭᠰᠠᠨ ᠪᠠᠶᠢᠨ᠎ᠠ᠃ ᠪᠢᠳᠡ ᠵᠠᠪᠠᠯ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠᠷ ᠵᠢᠯᠣᠭᠤᠳᠤᠯᠭ᠎ᠠ ᠪᠣᠯᠭᠠᠵᠤ᠂ ᠳᠥᠷᠪᠡᠨ ᠤᠬᠠᠮᠰᠠᠷ ᠢ ᠪᠠᠲᠤ ᠪᠣᠶ ᠪᠣᠯᠭᠠᠵᠤ᠂ ᠳᠥᠷᠪᠡᠨ ᠢᠲᠡᠭᠡᠯ ᠢᠶᠠᠨ ᠪᠠᠲᠤᠳᠬᠠᠵᠤ᠂ ᠨᠠᠮ ᠤᠨ ᠢᠲᠡᠭᠡᠯ ᠢ ᠪᠦᠬᠦ ᠲᠠᠯ᠎ᠠ ᠪᠠᠷ  ᠲᠤᠭᠤᠰᠢᠯᠠᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠤᠳᠤᠷᠢᠳᠤᠯᠭ᠎ᠠ ᠶᠢ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠤᠨ᠂ ᠲᠥᠪ ᠪᠠ ᠣᠷᠣᠨ ᠬᠤᠲᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠦᠲᠦᠴᠡ ᠶᠢ ᠰᠢᠯᠢᠳᠡᠭᠵᠢᠭᠦᠯᠵᠦ᠂ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠲᠥᠪ ᠭᠤᠤᠯᠴᠢ ᠶᠢ ᠠᠬᠢᠭᠤᠯᠵᠤ᠂ ᠰᠤᠷᠭᠠᠨ ᠬᠥᠮᠦᠵᠢᠯ ᠤᠨ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠮᠠᠨ ᠤ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷᠯᠢᠭ  ᠬᠥᠭᠵᠢᠯᠲᠡ ᠶᠢ ᠠᠬᠢᠭᠤᠯᠵᠤ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号