ᠰᠢᠨ᠎ᠡ ᠬᠤᠲᠠ ᠲᠣᠭᠤᠷᠢᠭ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠢᠶᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠰᠣᠷᠭᠠᠨ ᠬᠥᠮᠦᠵᠢᠯ ᠤᠨ ᠤᠳᠤᠷᠢᠳᠬᠤ ᠳᠣᠭᠤᠶᠢᠯᠠᠩ ᠤᠨ ᠬᠤᠶᠠᠳᠤᠭᠠᠷ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-09-17
     9 ᠳ᠋ᠦ᠋ᠭᠡᠷ ᠰᠠᠷ᠎ᠠ ᠶᠢᠨ 15 ᠤ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠰᠣᠷᠭᠠᠨ ᠬᠥᠮᠦᠵᠢᠯ ᠤᠨ ᠤᠳᠤᠷᠢᠳᠬᠤ ᠳᠣᠭᠤᠶᠢᠯᠠᠩ ᠤᠨ ᠬᠤᠶᠠᠳᠤᠭᠠᠷ  ᠤᠳᠠᠭᠠᠨ ᠤ ᠬᠤᠷᠠᠯ ᠢ ᠬᠤᠷᠠᠯᠳᠤᠭᠤᠯᠵᠤ᠂ ᠭᠤᠤᠯ ᠰᠡᠳᠦᠪᠲᠦ ᠰᠣᠷᠭᠠᠨ ᠬᠥᠮᠦᠵᠢᠯ ᠤᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠦᠨ ᠰᠢᠨ ᠮᠢᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃
           ᠬᠤᠷᠠᠯ ᠠᠴᠠ ᠴᠢᠬᠤᠴᠢᠯᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡ ᠳᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠢᠶᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠰᠣᠷᠭᠠᠨ ᠬᠥᠮᠦᠵᠢᠯ ᠤᠨ ᠬᠠᠷᠢᠭᠤᠴᠠᠯᠭᠠᠲᠤ ᠰᠡᠳᠬᠢᠯᠭᠡ᠂ ᠨᠡᠬᠡᠮᠵᠢᠯᠡᠬᠦ ᠰᠡᠳᠭᠢᠯᠭᠡ ᠶᠢ ᠪᠤᠲᠠᠲᠠᠢ ᠬᠦᠴᠦᠯᠡᠨ ᠪᠠᠷᠢᠵᠤ ᠴᠢᠩᠬᠠᠳᠭᠠᠬᠤ ᠬᠡᠷᠡᠭᠲᠡᠶ᠃ ᠭᠤᠤᠯ ᠰᠡᠳᠦᠪᠲᠦ ᠰᠣᠷᠭᠠᠨ ᠬᠥᠮᠦᠵᠢᠯ ᠤᠨ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠂ ᠵᠥᠷᠢᠶ᠎ᠡ ᠶᠢ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠢᠨ ᠲᠤᠭᠤᠷᠢᠨ ᠳᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠡᠯ᠎ᠡ ᠵᠤᠶᠢᠯ ᠤᠨ ᠭᠤᠤᠯᠳᠠᠯᠭ᠎ᠠ ᠲᠠᠢ ᠡᠭᠦᠷᠭᠡ ᠶᠢ ᠴᠡᠭᠴᠡᠯᠡᠨ ᠰᠠᠶᠢᠵᠢᠷᠠᠭᠤᠯᠵᠤ ᠨᠠᠶᠢᠲᠠᠪᠤᠷᠢᠵᠢᠭᠤᠯᠬᠤ ᠶᠢ ᠴᠢᠷᠮᠠᠶᠢᠨ ᠪᠡᠶᠡᠯᠡᠭᠦᠯᠵᠦ᠂ ᠭᠤᠤᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠶ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠥᠨᠳᠥᠷ ᠪᠠᠷᠢᠮᠵᠢᠶ᠎ᠠ ᠪᠠᠷ ᠡᠬᠢᠯᠡᠭᠦᠯᠵᠦ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠡᠯ᠎ᠡ ᠵᠤᠶᠢᠯ ᠤᠨ ᠠᠵᠢᠯ ᠢ ᠴᠢᠨᠠᠷ ᠴᠢᠨᠰᠠᠭ᠎ᠠ ᠲᠠᠢ ᠠᠬᠢᠭᠤᠯᠬᠤ ᠬᠡᠷᠡᠭᠲᠡᠶ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠨᠡᠨ ᠰᠤᠷᠤᠯᠴᠠᠵᠤ ᠦᠨᠡᠨ ᠬᠢᠵᠦ ᠦᠨᠡᠨ ᠰᠠᠶᠢᠵᠢᠷᠠᠭᠤᠯᠬᠤ᠂ ᠭᠤᠤᠯ ᠰᠡᠳᠦᠪᠲᠦ ᠰᠣᠷᠭᠠᠨ ᠬᠥᠮᠦᠵᠢᠯ ᠪᠠ ᠠᠵᠢᠯ  ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠵᠤᠬᠢᠴᠠᠭᠤᠯᠤᠨ᠂ ᠪᠤᠲᠠᠲᠠᠢ ᠴᠡᠭᠴᠡᠯᠡᠨ ᠰᠠᠶᠢᠵᠢᠷᠠᠭᠤᠯᠵᠤ᠂ ᠪᠣᠳᠠᠲᠠᠶ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ ᠣᠨᠣᠯ ᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢᠨ ᠳᠤᠮᠳᠠ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠢᠩᠭᠡᠭᠡᠨ ᠠᠪᠴᠤ᠂ ᠠᠰᠠᠭᠤᠳᠠᠯ ᠢ ᠵᠥᠪ ᠡᠷᠢᠵᠦ᠂ ᠪᠠᠶᠢᠴᠠᠭᠠᠨ ᠰᠤᠳᠤᠯᠤᠯᠲᠠ ᠨᠢ ᠪᠤᠲᠠᠲᠠᠢ  ᠠᠰᠠᠭᠤᠳᠠᠯ ᠢ ᠰᠢᠢᠳᠪᠦᠷᠢᠯᠡᠬᠦ ᠦᠢᠯᠡᠳᠦᠯ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠤᠳᠤᠷᠢᠳᠬᠤ ᠳᠣᠭᠤᠶᠢᠯᠠᠩ ᠤᠨ ᠪᠦᠷᠢᠯᠳᠦᠬᠦᠨ ᠤᠷᠢᠳᠠᠪᠠᠷ ᠰᠤᠷᠤᠯᠴᠠᠵᠤ᠂ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ  ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠱᠠᠭᠠᠷᠳᠠᠨ ᠵᠢᠯᠣᠭᠤᠳᠴᠤ ᠪᠠᠶᠢᠭᠠᠳ ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠵᠦ᠂ ᠪᠦᠬᠦ ᠣᠷᠣᠨ ᠤ ᠭᠤᠤᠯ ᠰᠡᠳᠦᠪᠲᠦ ᠰᠣᠷᠭᠠᠨ ᠬᠥᠮᠦᠵᠢᠯ ᠰᠢᠨ᠎ᠡ ᠶᠢ ᠡᠭᠦᠳᠴᠦ ᠰᠢᠨ᠎ᠡ ᠳᠤᠪᠤᠶᠢᠮ᠎ᠠ  ᠠᠮᠵᠢᠯᠲᠠ ᠣᠯᠬᠤ ᠶᠢ ᠪᠠᠲᠤᠯᠠᠵᠤ᠂ ᠦᠨᠡᠨ ᠪᠣᠳᠠᠲᠠᠶ ᠦᠷ᠎ᠡ ᠪᠦᠲᠦᠮᠵᠢ ᠣᠯᠵᠤ᠂ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠬᠤ ᠬᠡᠷᠡᠭᠲᠡᠶ  ᠭᠡᠪᠡ᠃  
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号