︽ᠶᠢᠰᠦᠨ ᠰᠠᠷ᠎ᠠ ᠶᠢᠨ ᠠᠷᠪᠠᠨ ᠨᠠᠢᠮᠠ︾ ᠶᠢ ᠡᠭᠦᠷᠢᠳᠡ ᠴᠡᠭᠡᠵᠢᠯᠡᠶ᠎ᠡ
ᠨᠡᠶᠢᠲᠡᠯᠡᠭᠰᠡᠨ ᠴᠠᠭ᠄
2019-09-17
     ︽ᠶᠢᠰᠦᠨ ᠰᠠᠷ᠎ᠠ ᠶᠢᠨ ᠠᠷᠪᠠᠨ ᠨᠠᠢᠮᠠ︾ ᠶᠢᠨ ᠳᠤᠷᠠᠰᠬᠠᠯ ᠤᠨ ᠡᠳᠦᠷ ᠤᠨ ᠡᠮᠦᠨᠡᠬᠡᠨ᠂ ᠮᠠᠨ ᠤ ᠬᠤᠲᠠ ᠶᠢᠨ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠪᠠᠭᠠᠴᠤᠳ ᠤᠨ ᠴᠡᠷᠢᠭ ᠤᠨ ᠰᠤᠷᠭᠠᠭᠤᠯᠢ  ︽ᠲᠡᠦᠬᠡ ᠪᠠᠨ ᠡᠭᠦᠷᠢᠳᠡ ᠴᠡᠭᠡᠵᠢᠯᠡᠵᠦ ᠤᠯᠤᠰ ᠤᠨ ᠢᠴᠢᠭᠦᠷᠢ ᠶᠢ ᠥᠯᠥ ᠮᠠᠷᠲᠠᠶ᠎ᠠ︾ ᠪᠠᠷ ᠭᠤᠣᠯ ᠰᠡᠳᠦᠪ ᠪᠣᠯᠭᠠᠭᠰᠠᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠥᠵᠢᠯ ᠤᠨ ᠠᠵᠢᠯᠯᠠᠭ᠎ᠠ ᠥᠷᠨᠢᠭᠦᠯᠵᠦ᠂ ᠶᠠᠫᠤᠨ ᠢ ᠡᠰᠡᠷᠭᠦᠴᠡᠬᠦ ᠪᠠᠭᠠᠲᠤᠷᠴᠤᠳ ᠤᠨ ᠦᠯᠢᠭᠡᠷ ᠶᠠᠷᠢᠬᠤ᠂ ᠶᠠᠫᠤᠨ ᠢ ᠡᠰᠡᠷᠭᠦᠴᠡᠬᠦ ᠳᠠᠶᠢᠨ ᠤ ᠭᠡᠷ ᠤᠨ ᠵᠠᠬᠢᠳᠠᠯ ᠢ ᠤᠩᠰᠢᠬᠤ᠂ ᠬᠤᠪᠢᠰᠬᠠᠯ ᠤᠨ ᠰᠣᠶᠣᠯ ᠤᠨ ᠦᠵᠡᠭᠦᠯᠭᠡ ᠶᠢ ᠲᠣᠭᠤᠷᠢᠨ ᠦᠵᠡᠬᠦ ᠵᠡᠷᠭᠡ ᠬᠡᠯᠪᠡᠷᠢ ᠪᠠᠷ ᠰᠤᠷᠤᠭᠴᠢᠳ ᠲᠤ ᠲᠡᠦᠬᠡ ᠪᠠᠨ ᠡᠭᠦᠷᠢᠳᠡ ᠴᠡᠭᠡᠵᠢᠯᠡᠵᠦ ᠤᠯᠤᠰ ᠤᠨ ᠢᠴᠢᠭᠦᠷᠢ ᠶᠢ ᠮᠠᠷᠲᠠᠵᠤ ᠪᠣᠯᠬᠤ ᠦᠭᠡᠢ ᠶᠢ ᠰᠠᠨᠠᠭᠤᠯᠵᠠᠢ᠃ ᠣᠶᠢᠯᠭᠠᠭᠰᠠᠨ ᠢᠶᠠᠷ᠂ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠪᠠᠭᠠᠴᠤᠳ ᠤᠨ ᠴᠡᠷᠢᠭ ᠤᠨ ᠰᠤᠷᠭᠠᠭᠤᠯᠢ ᠨᠢ ᠲᠤᠰ ᠰᠤᠷᠭᠠᠭᠤᠯᠢ ᠶᠢᠨ ᠥᠪᠡᠷ ᠤᠨ ᠣᠨᠴᠠᠯᠢᠭᠲᠤ ᠰᠤᠷᠭᠠᠨ ᠬᠥᠮᠥᠵᠢᠯ ᠪᠠᠶᠢᠵᠤ᠂ ᠰᠤᠷᠤᠭᠴᠢᠳ ᠢ ᠡᠮᠬᠢ ᠵᠢᠷᠤᠮ ᠲᠠᠢ ᠴᠡᠷᠢᠭ ᠤᠨ ᠬᠠᠮᠢᠶᠠᠷᠤᠯᠲᠠ ᠳᠤ ᠲᠠᠰᠤᠷᠠᠯᠲᠠ ᠦᠭᠡᠢ ᠳᠠᠰᠬᠠᠵᠤ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠦᠵᠡᠯ ᠢ ᠬᠥᠮᠥᠵᠢᠭᠦᠯᠦᠨ᠂ ᠲᠡᠭᠦᠨᠴᠢᠯᠡᠨ ᠣᠨᠴᠠᠯᠢᠭᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠤᠨ ᠬᠢᠴᠢᠶᠡᠯ ᠢᠶᠠᠷ ᠳᠠᠮᠵᠢᠨ᠂ ᠰᠤᠷᠤᠭᠴᠢᠳ ᠤᠨ ᠡᠬᠡ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠳᠠᠬᠢ ᠣᠶᠢᠯᠠᠭᠠᠯᠲᠠ ᠶᠢ ᠳᠡᠭᠡᠭᠰᠢᠯᠡᠭᠦᠯᠵᠡᠢ᠃ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号