ᠬᠥᠬᠡᠬᠤᠲᠠ ᠲᠠᠷᠢᠶᠠᠯᠠᠩ ᠣᠢ ᠰᠢᠭᠤᠶ ᠤᠰᠤᠨ ᠠᠰᠢᠬᠯᠠᠯᠳᠠ ᠶᠢᠨ ᠨᠥᠬᠦᠪᠥᠷᠢ ᠮᠥᠩᠭᠦ ᠶᠢ 3.48 ᠳ᠋ᠦᠩᠰᠢᠭᠤᠷ ᠲᠥᠭᠦᠷᠢᠭ ᠪᠠᠭᠤᠯᠭᠠᠵᠠᠢ
ᠨᠡᠶᠢᠲᠡᠯᠡᠭᠰᠡᠨ ᠴᠠᠭ᠄
2019-09-17
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ  ︵ᠰᠤᠷᠪᠤᠯᠵᠢᠯᠠᠭᠴᠢ ᠭᠤᠸ᠎ᠠ︶ ᠣᠶᠢᠷ᠎ᠠ ᠶᠢᠨ ᠵᠢᠯ ᠠᠴᠠ ᠨᠠᠭᠠᠰᠢ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ  ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠪᠠᠲᠤᠯᠠᠵᠤ ᠪᠤᠢ᠃ 7 ᠰᠠᠷ᠎ᠠ ᠳᠤ᠂ ᠬᠥᠬᠡᠬᠤᠲᠠ ᠶᠢᠨ ᠡᠳ᠋ ᠤᠨ ᠵᠠᠰᠠᠭ ᠠᠴᠠ ᠲᠠᠷᠢᠶᠠᠯᠠᠩ ᠣᠢ ᠰᠢᠭᠤᠶ ᠤᠰᠤᠨ ᠠᠰᠢᠬᠯᠠᠯᠲᠠ ᠶᠢᠨ ᠨᠥᠬᠦᠪᠥᠷᠢ ᠮᠥᠩᠭᠦ ᠶᠢ 3.48 ᠳ᠋ᠦᠩᠰᠢᠭᠤᠷ ᠲᠥᠭᠦᠷᠢᠭ ᠪᠠᠭᠤᠯᠭᠠᠵᠠᠢ᠃      ᠡᠬᠦᠨ ᠲᠤ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠠᠯ᠎ᠠ ᠪᠠᠷ᠂ ᠬᠤᠲᠠ ᠶᠢᠨ ᠲᠡᠰ ᠤᠨ ᠬᠡᠰᠡᠭ ᠮᠠᠯ ᠠᠵᠤ ᠠᠬᠤᠢ ᠲᠠᠷᠢᠶᠠᠯᠠᠩ ᠤᠨ ᠲᠤᠰᠬᠠᠢ ᠨᠥᠬᠦᠪᠥᠷᠢ ᠮᠥᠩᠭᠦ ᠶᠢ 1377.6 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠵᠢᠭᠠᠰᠤᠨ ᠤ ᠠᠵᠤ ᠠᠬᠤᠢ ᠶᠢᠨ ᠨᠥᠬᠦᠪᠥᠷᠢ ᠮᠥᠩᠭᠦ 28 ᠲᠦᠮᠡᠨ ᠲᠥᠭᠦᠷᠢᠭ᠂ ᠬᠤᠲᠠ ᠶᠢᠨ ᠲᠡᠰ ᠤᠨ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠲᠥᠷᠦᠯ ᠵᠦᠢᠯ ᠤᠨ ᠪᠡᠯᠡ ᠮᠥᠩᠭᠦ 118 ᠲᠦᠮᠡᠨ ᠲᠥᠭᠦᠷᠢᠭ᠂ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠥᠷᠢ ᠮᠥᠩᠭᠦ 1041.2 ᠲᠦᠮᠡᠨ ᠲᠥᠭᠦᠷᠢᠭ᠂ ᠲᠥᠪ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ 4286.02 ᠲᠦᠮᠡᠨ ᠲᠥᠭᠦᠷᠢᠭ ᠪᠠᠶᠢᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠳᠤ ᠲᠤᠰᠬᠠᠢ ᠬᠡᠷᠡᠭᠯᠡᠨ᠎ᠡ᠃ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢᠨ ᠲᠥᠪ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ 2700 ᠲᠦᠮᠡᠨ ᠲᠥᠭᠦᠷᠢᠭ ᠪᠠᠶᠢᠵᠤ᠂ ᠳᠤᠰᠬᠠᠢ ᠵᠦᠢᠯ ᠢᠶᠠᠷ ᠬᠡᠷᠡᠭᠯᠡᠨ᠎ᠡ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠬᠯᠠᠬᠤ ᠶᠢ ᠪᠦᠬᠦ᠋ᠢᠯᠡ ᠰᠢᠶᠠᠨ ᠢᠶᠠᠷ ᠲᠦᠯᠬᠢᠨ ᠠᠬᠢᠭᠤᠯᠬᠤ ᠲᠥᠷᠥᠯ ᠵᠦᠢᠯ ᠳᠤ ᠲᠤᠰᠬᠠᠶ ᠬᠡᠷᠡᠭᠯᠡᠨ᠎ᠡ᠃ ᠠᠷᠠᠳ ᠲᠤ ᠠᠰᠢᠭ ᠬᠦᠷᠲᠡᠭᠡᠬᠦ ︽ᠪᠦᠷᠢᠨ ᠴᠢᠳᠠᠮᠵᠢᠳᠤ ᠺᠠᠷᠲ︾ ᠤᠨ ᠨᠥᠬᠦᠪᠥᠷᠢ ᠮᠥᠩᠭᠦ ᠶᠢ 2.35 ᠳ᠋ᠦᠩᠰᠢᠭᠤᠷ ᠭᠠᠷᠤᠢ ᠲᠥᠭᠦᠷᠢᠭ ᠪᠠᠭᠤᠯᠭᠠᠵᠤ᠂ 90 ᠰᠢᠶᠠᠩ ᠪᠠᠯᠭᠠᠰᠤ ᠶᠢᠨ 170.73 ᠲᠦᠮᠡ ᠭᠠᠷᠤᠢ ᠬᠥᠮᠦᠨ ᠤᠳᠠᠭ᠎ᠠ ᠳᠤ ᠠᠰᠢᠭ ᠬᠦᠷᠲᠡᠭᠡᠪᠡ᠂ ᠨᠥᠬᠦᠪᠥᠷᠢ ᠶᠢᠨ ᠲᠥᠷᠥᠯ ᠵᠦᠢᠯ ᠳᠤ 9 ᠬᠦᠷᠢᠶ᠎ᠡ ᠴᠠᠷᠠᠭ᠎ᠠ ᠶᠢᠨ 61 ᠲᠥᠷᠥᠯ ᠤᠨ 75 ᠵᠦᠢᠯ ᠬᠤᠯᠪᠤᠭᠳᠠᠭᠰᠠᠨ ᠪᠠᠶᠢᠨ᠎ᠠ᠃      ᠪᠠᠰᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠮᠥᠩᠭᠦ 768 ᠲᠦᠮᠡᠨ ᠲᠥᠭᠦᠷᠢᠭ ᠪᠤᠢ᠃ ᠤᠰᠤᠨ ᠠᠰᠢᠬᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠤᠯᠪᠣᠭᠳᠠᠯ ᠪᠦᠬᠦᠢ ᠤᠰᠤᠨ  ᠠᠰᠢᠬᠯᠠᠯᠲᠠ ᠶᠢᠨ ᠲᠥᠷᠥᠯ ᠵᠦᠢᠯ ᠤᠨ ᠲᠥᠪ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ 944 ᠲᠦᠮᠡᠨ ᠲᠥᠭᠦᠷᠢᠭ ᠪᠠᠶᠢᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠂ ᠴᠢᠬᠤᠯᠠ ᠶᠡᠭᠡ ᠤᠰᠤᠨ ᠠᠰᠢᠬᠯᠠᠯᠲᠠ ᠶᠢᠨ ᠢᠨᠵᠧᠨᠧᠷᠢᠩ ᠪᠠ ᠤᠰᠤᠨ ᠤ ᠠᠮᠢ ᠠᠬᠤᠢ ᠶᠢᠨ ᠵᠠᠰᠠᠯᠲᠠ᠂ ᠳᠤᠮᠳᠠ ᠵᠢᠵᠢᠭ ᠭᠤᠣᠯ ᠮᠥᠷᠡᠨ ᠤ ᠵᠠᠰᠠᠯᠲᠠ ᠵᠡᠷᠭᠡ ᠳᠤ ᠲᠤᠰᠬᠠᠢ ᠬᠡᠷᠡᠭᠯᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号