ᠪᠠᠭ᠎ᠠ ᠬᠡᠪᠢᠭᠴᠢ ᠮᠠᠯ ᠤᠨ ᠬᠢᠵᠢᠭ ᠢ ᠪᠠᠰᠠ ᠬᠤᠨᠢᠨ ᠬᠢᠵᠢᠭ ᠭᠡᠳᠡᠭ᠃ ᠪᠠᠭ᠎ᠠ ᠬᠡᠪᠢᠭᠴᠢ ᠮᠠᠯ ᠤᠨ | ᠬᠢᠵᠢᠭ ᠤᠨ ᠸᠢᠷᠦ᠋ᠰ ᠠᠴᠠ ᠡᠭᠦᠰᠦᠭᠰᠡᠨ ᠨᠢᠭᠡ ᠵᠦᠢᠯ ᠤᠨ ᠲᠦᠷᠭᠡᠨ ᠴᠢᠨᠠᠷᠲᠠᠢ ᠸᠢᠷᠦ᠋ᠰᠲᠦ ᠬᠠᠯᠳᠠᠪᠤᠷᠢᠲᠤ | ᠡᠪᠡᠳᠴᠢᠨ ᠪᠣᠯᠣᠨ᠎ᠠ᠃ ᠬᠠᠯᠠᠭᠤᠷᠠᠬᠤ᠂ ᠠᠮᠠᠨ ᠬᠥᠨᠳᠡᠢ ᠶᠢᠨ ᠦᠷᠪᠢᠰᠦᠯ᠂ ᠴᠢᠴᠠᠭ᠎ᠠ ᠠᠯᠳᠠᠬᠤ᠂ ᠠᠭᠤᠰᠬᠢᠨ | ᠦᠷᠪᠢᠰᠦᠯ ᠵᠡᠷᠭᠡ ᠡᠪᠡᠳᠴᠢᠨ ᠤ ᠢᠯᠡᠷᠡᠯ ᠲᠠᠢ᠃ ᠡᠮᠦᠨ᠎ᠡ ᠨᠢ ᠲᠤᠰ ᠡᠪᠡᠳᠴᠢᠨ ᠶᠡᠷᠦ ᠳᠡᠯᠭᠡᠷᠡᠵᠦ ᠥᠩᠭᠡᠷᠡᠭᠰᠡᠨ | ᠦᠭᠡᠢ ᠭᠠᠵᠠᠷ ᠣᠷᠣᠨ ᠳᠤ ᠬᠡᠷᠪᠡ ᠡᠪᠡᠳᠴᠢᠨ ᠢᠯᠡᠷᠡᠪᠡᠯ ᠴᠢᠩᠭ᠎ᠠ ᠪᠢᠲᠡᠭᠦᠮᠵᠢᠯᠡᠵᠦ᠂ ᠡᠪᠡᠳᠴᠢᠲᠡᠢ ᠬᠤᠨᠢ ᠶᠢ | ᠠᠯᠠᠵᠤ᠂ ᠲᠤᠰᠠᠭᠠᠷᠯᠠᠨ ᠠᠷᠢᠭᠤᠳᠬᠠᠬᠤ ᠬᠡᠷᠡᠭᠲᠡᠢ᠃ ᠲᠤᠰ ᠡᠪᠡᠳᠴᠢᠨ ᠤ ᠰᠡᠷᠭᠡᠶᠢᠯᠡᠯᠲᠡ ᠨᠢ ᠭᠤᠣᠯᠳᠠᠭᠤ | ᠡᠬᠡᠯᠢᠯᠡᠪᠦᠷᠢ ᠶᠢᠨ ᠲᠠᠷᠢᠯᠭ᠎ᠠ ᠳᠤ ᠲᠦᠰᠢᠭᠯᠡᠨ᠎ᠡ᠃ ᠡᠬᠡᠯᠢᠯᠡᠪᠦᠷᠢ ᠶᠢᠨ ᠬᠤᠭᠤᠴᠠᠭ᠎ᠠ ᠨᠢ 36 ᠰᠠᠷ᠎ᠠ᠃ ᠸᠠᠺᠽᠢᠨ ᠤ | ᠲᠣᠳᠣᠷᠬᠠᠶᠢᠯᠠᠯᠲᠠ ᠶᠢᠨ ᠪᠢᠴᠢᠭ ᠶᠣᠰᠣᠭᠠᠷ ᠡᠬᠡᠯᠢᠯᠡᠪᠦᠷᠢ ᠬᠢᠵᠦ᠂ ᠪᠠᠺᠲ᠋ᠧᠷᠢ ᠦᠭᠡᠶᠢᠳᠡᠭᠦᠯᠦᠭᠰᠡᠨ | ᠹᠢᠽᠢᠣᠯᠣᠭᠢ ᠶᠢᠨ ᠳᠠᠪᠤᠰᠤᠨ ᠠᠭᠤᠰᠤᠮᠠᠯ ᠢᠶᠠᠷ ᠰᠢᠩᠭᠡᠷᠡᠭᠦᠯᠵᠦ᠂ ᠬᠤᠨᠢ ᠨᠢᠭᠡᠪᠦᠷᠢ ᠶᠢᠨ ᠰᠢᠯᠢ ᠶᠢᠨ ᠬᠦᠵᠦᠭᠦᠨ ᠤ | ᠠᠷᠠᠰᠤᠨ ᠳᠣᠣᠷ᠎ᠠ ᠲᠠᠷᠢᠨ᠎ᠠ᠃ |