ᠪᠠᠭ᠎ᠠ ᠬᠡᠪᠢᠭᠴᠢ ᠮᠠᠯ ᠤᠨ ᠬᠢᠵᠢᠭ ᠵᠢᠴᠢ ᠲᠡᠭᠦᠨ ᠤ ᠰᠡᠷᠭᠡᠶᠢᠯᠡᠯᠲᠡ
ᠨᠡᠶᠢᠲᠡᠯᠡᠭᠰᠡᠨ ᠴᠠᠭ᠄
2019/9/17
      ᠪᠠᠭ᠎ᠠ ᠬᠡᠪᠢᠭᠴᠢ ᠮᠠᠯ ᠤᠨ ᠬᠢᠵᠢᠭ ᠢ ᠪᠠᠰᠠ ᠬᠤᠨᠢᠨ ᠬᠢᠵᠢᠭ ᠭᠡᠳᠡᠭ᠃ ᠪᠠᠭ᠎ᠠ ᠬᠡᠪᠢᠭᠴᠢ ᠮᠠᠯ ᠤᠨ ᠬᠢᠵᠢᠭ ᠤᠨ ᠸᠢᠷᠦ᠋ᠰ ᠠᠴᠠ ᠡᠭᠦᠰᠦᠭᠰᠡᠨ ᠨᠢᠭᠡ ᠵᠦᠢᠯ ᠤᠨ ᠲᠦᠷᠭᠡᠨ ᠴᠢᠨᠠᠷᠲᠠᠢ ᠸᠢᠷᠦ᠋ᠰᠲᠦ ᠬᠠᠯᠳᠠᠪᠤᠷᠢᠲᠤ ᠡᠪᠡᠳᠴᠢᠨ ᠪᠣᠯᠣᠨ᠎ᠠ᠃ ᠬᠠᠯᠠᠭᠤᠷᠠᠬᠤ᠂  ᠠᠮᠠᠨ ᠬᠥᠨᠳᠡᠢ ᠶᠢᠨ ᠦᠷᠪᠢᠰᠦᠯ᠂ ᠴᠢᠴᠠᠭ᠎ᠠ ᠠᠯᠳᠠᠬᠤ ᠂ ᠠᠭᠤᠰᠬᠢᠨ ᠦᠷᠪᠢᠰᠦᠯ ᠵᠡᠷᠭᠡ ᠡᠪᠡᠳᠴᠢᠨ ᠤ ᠢᠯᠡᠷᠡᠯ ᠲᠠᠢ᠃ ᠡᠮᠦᠨ᠎ᠡ ᠨᠢ ᠲᠤᠰ ᠡᠪᠡᠳᠴᠢᠨ ᠶᠡᠷᠦ ᠳᠡᠯᠭᠡᠷᠡᠵᠦ ᠥᠩᠭᠡᠷᠡᠭᠰᠡᠨ ᠦᠭᠡᠢ ᠭᠠᠵᠠᠷ ᠣᠷᠣᠨ ᠳᠤ ᠬᠡᠷᠪᠡ ᠡᠪᠡᠳᠴᠢᠨ ᠢᠯᠡᠷᠡᠪᠡᠯ ᠴᠢᠩᠭ᠎ᠠ ᠪᠢᠲᠡᠭᠦᠮᠵᠢᠯᠡᠵᠦ᠂ ᠡᠪᠡᠳᠴᠢᠲᠡᠢ ᠬᠤᠨᠢ ᠶᠢ ᠠᠯᠠᠵᠤ᠂ ᠲᠤᠰᠠᠭᠠᠷᠯᠠᠨ ᠠᠷᠢᠭᠤᠳᠬᠠᠬᠤ ᠬᠡᠷᠡᠭᠲᠡᠢ᠃ ᠲᠤᠰ ᠡᠪᠡᠳᠴᠢᠨ ᠤ ᠰᠡᠷᠭᠡᠶᠢᠯᠡᠯᠲᠡ ᠨᠢ ᠭᠤᠣᠯᠳᠠᠭᠤ ᠡᠬᠡᠯᠢᠯᠡᠪᠦᠷᠢ ᠶᠢᠨ ᠲᠠᠷᠢᠯᠭ᠎ᠠ ᠳᠤ ᠲᠦᠰᠢᠭᠯᠡᠨ᠎ᠡ᠃ ᠡᠬᠡᠯᠢᠯᠡᠪᠦᠷᠢ ᠶᠢᠨ ᠬᠤᠭᠤᠴᠠᠭ᠎ᠠ ᠨᠢ 36 ᠰᠠᠷ᠎ᠠ᠃ ᠸᠠᠺᠽᠢᠨ ᠤ ᠲᠣᠳᠣᠷᠬᠠᠶᠢᠯᠠᠯᠲᠠ ᠶᠢᠨ ᠪᠢᠴᠢᠭ ᠶᠣᠰᠣᠭᠠᠷ ᠡᠬᠡᠯᠢᠯᠡᠪᠦᠷᠢ ᠬᠢᠵᠦ᠂ ᠪᠠᠺᠲ᠋ᠧᠷᠢ ᠦᠭᠡᠶᠢᠳᠡᠭᠦᠯᠦᠭᠰᠡᠨ ᠹᠢᠽᠢᠣᠯᠣᠭᠢ ᠶᠢᠨ ᠳᠠᠪᠤᠰᠤᠨ ᠠᠭᠤᠰᠤᠮᠠᠯ ᠢᠶᠠᠷ ᠰᠢᠩᠭᠡᠷᠡᠭᠦᠯᠵᠦ᠂ ᠬᠤᠨᠢ ᠨᠢᠭᠡᠪᠦᠷᠢ ᠶᠢᠨ ᠰᠢᠯᠢ ᠶᠢᠨ ᠬᠦᠵᠦᠭᠦᠨ ᠤ ᠠᠷᠠᠰᠤᠨ ᠳᠣᠣᠷ᠎ᠠ ᠲᠠᠷᠢᠨ᠎ᠠ᠃
ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ