ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠥᠬᠡ ᠶᠢᠨ ᠬᠤᠯᠪᠣᠭᠠᠨ ᠤ ᠠᠩᠬᠠᠳᠤᠭᠠᠷ ᠤᠳᠠᠭᠠᠨ ᠤ ᠬᠡᠰᠢᠭᠦᠦᠨ ᠤᠨ ᠲᠦᠯᠦᠭᠡᠯᠡᠭᠴᠢᠳ ᠤᠨ ᠶᠡᠭᠡ ᠬᠤᠷᠠᠯ ᠭᠦᠬᠡᠬᠤᠳᠡ ᠳᠤ ᠬᠤᠷᠠᠯᠳᠤᠪᠠ
ᠨᠡᠶᠢᠲᠡᠯᠡᠭᠰᠡᠨ ᠴᠠᠭ᠄
2019-09-18
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠪᠠᠶᠠᠨᠮᠦ᠋ᠩᠭᠡ︶ 9 ᠰᠠᠷ᠎ᠠ ᠶᠢᠨ 17 ‍ᠦ‌ᠡᠳᠤᠷ᠂ ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠪᠦᠭᠡ ᠶᠢᠨ ᠬᠤᠯᠪᠣᠭᠠᠨ ᠤ ᠠᠩᠬᠠᠳᠤᠭᠠᠷ ᠤᠳᠠᠭᠠᠨ ᠤ ᠭᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠤᠷᠤᠨ ᠤ ᠲᠦᠪ ᠭᠦᠬᠡᠬᠤᠳᠡ ᠳᠤ ᠬᠤᠷᠠᠯᠳᠤᠪᠠ᠃      ᠬᠤᠷᠠᠯ ᠠᠴᠠ᠂ ᠦᠪᠦᠷ ᠮᠤᠩᠭᠤᠯ ᠤᠨ ᠪᠦᠭᠡ ᠶᠢᠨ ᠬᠤᠯᠪᠣᠭᠠᠨ ᠤ ᠰᠢᠨ᠎ᠡ ᠨᠢᠭᠡᠨ ᠤᠳᠤᠷᠢᠳᠬᠤ ᠪᠠᠭ ᠤᠨ ᠪᠦᠷᠢᠯᠳᠦᠭᠦᠨ ᠪᠡ ᠬᠡᠷᠡᠭ ᠡᠷᠬᠢᠯᠡᠭᠦ ᠭᠡᠰᠢᠭᠦᠳ ᠢ ᠲᠤᠮᠢᠯᠠᠨ ᠨᠡᠶᠢᠳᠡᠯᠡᠵᠤ᠂ ᠰᠢᠨ᠎ᠡ ᠪᠠᠷ ᠵᠠᠰᠠᠪᠤᠷᠢ ᠤᠷᠤᠭᠤᠯᠤᠬᠰᠠᠨ ᠦᠪᠦᠷ ᠮᠤᠩᠭᠤᠯ ᠤᠨ ᠮᠤᠩᠭᠤᠯ ᠪᠦᠭᠡ ᠶᠢᠨ ᠳᠦᠷᠢᠮ ᠢ ᠪᠠᠳᠤᠯᠠᠪᠡ︔ ᠮᠤᠩᠭᠤᠯ ᠪᠦᠭᠡ ᠶᠢᠨ ᠬᠤᠯᠪᠣᠭᠠᠨ ᠤ ᠲᠡᠷᠢᠭᠦᠨ ᠭᠠᠯ ᠠᠴᠠ ᠮᠤᠩᠭᠤᠯ ᠪᠦᠬᠡ ᠶᠢᠨ ᠬᠤᠯᠪᠣᠭᠠᠨ ᠤ ᠢᠷᠡᠭᠦ ᠲᠠᠪᠤᠨ ᠵᠢᠯ ᠤᠨ ᠠᠵᠢᠯ ᠤᠨ ᠲᠦᠯᠦᠪᠯᠡᠭᠡ ᠪᠡ ᠭᠦᠳᠡᠯᠪᠤᠷᠢ ᠶᠢ ᠤᠩᠰᠢᠨ ᠨᠡᠶᠢᠳᠡᠯᠡᠵᠡᠢ᠃ ᠡᠭᠦᠨ ᠳᠤ᠂ ᠪᠦᠭᠦ ᠤᠷᠤᠨ ᠴᠢᠨᠠᠬᠰᠢᠯᠠᠭᠠᠳ ᠨᠠᠢᠮᠠᠨ ᠮᠤᠵᠢ ᠤᠷᠤᠨ ᠪᠤᠶᠤ ᠪᠦᠭᠦ ᠤᠯᠤᠰ ᠤᠨ ᠬᠡᠪᠴᠢᠶᠡᠨ ᠳᠤ ᠮᠤᠩᠭᠤᠯ ᠪᠦᠭᠡ ᠶᠢᠨ ᠲᠦᠭᠡᠮᠡᠯᠵᠢᠯ ᠢ ᠠᠬᠢᠭᠤᠯᠤᠨ᠎ᠠ᠃ ᠪᠦᠭᠦ ᠣᠷᠣᠨ ᠤ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ ᠳᠤ ᠮᠤᠩᠭᠤᠯ ᠪᠦᠭᠡ ᠶᠢᠨ ᠨᠡᠭᠡᠭᠡᠯᠳᠡᠳᠤ ᠬᠢᠴᠢᠶᠡᠯ ᠲᠦᠢᠷᠦᠯ ᠢ ᠪᠤᠢ ᠪᠤᠯᠭᠠᠬᠤ ᠠᠵᠢᠯ ᠢ ᠲᠠᠷᠦ᠋ᠢᠬᠠᠨ ᠭᠦᠢᠴᠡᠳᠭᠡᠨ ᠶᠠᠪᠤᠭᠳᠠᠭᠤᠯᠤᠨ᠎ᠠ︔ ᠮᠤᠩᠭᠤᠯ ᠪᠦᠭᠡ ᠶᠢᠨ ᠰᠠᠭᠤᠷᠢᠨ ᠭᠠᠵᠠᠷ ᠢ ᠪᠠᠶᠢᠭᠤᠯᠤᠨ᠎ᠠ︔ ᠮᠤᠩᠭᠤᠯ ᠪᠦᠭᠡ ᠶᠢᠨ ᠪᠦᠭᠦ ᠣᠷᠣᠨ ᠤ ᠬᠡᠪᠴᠢᠶᠡᠨ ᠤ ᠪᠦᠭᠡ ᠶᠢᠨ ᠤᠷᠤᠯᠳᠤᠭᠠᠨ ᠢ ᠵᠢᠯ ᠪᠦᠷᠢ ᠡᠷᠬᠢᠯᠡᠨ ᠶᠠᠪᠤᠭᠳᠠᠭᠤᠯᠤᠨ᠎ᠠ︔ ᠠᠵᠤ ᠦᠢᠯᠡᠰᠵᠢᠭᠦᠯᠭᠦ ᠲᠠᠢ ᠤᠶᠠᠯᠳᠤᠭᠤᠯᠵᠤ ᠪᠦᠭᠡ ᠶᠢ ᠬᠥᠭᠵᠢᠭᠦᠯᠦᠨ᠎ᠡ︔ ᠨᠠᠢᠮᠠᠨ ᠮᠤᠵᠢ ᠣᠷᠣᠨ ᠤ ᠪᠥᠬᠡ ᠶᠢᠨ ᠬᠤᠯᠪᠣᠭ᠎ᠠ ᠶᠢ ᠪᠤᠢ ᠪᠤᠯᠭᠠᠵᠤ᠂ ᠪᠦᠭᠡ ᠲᠠᠶᠢᠯᠪᠤᠷᠢᠯᠠᠬᠴᠢ᠂ ᠪᠦᠭᠡ ᠰᠤᠳᠤᠯᠤᠭᠠᠴᠢ ᠶᠢᠨ ᠡᠩᠨᠡᠭᠡ ᠶᠢ ᠪᠤᠢ ᠪᠤᠯᠭᠠᠵᠤ᠂ ᠠᠬᠠᠮᠠᠳ ᠠᠯᠳᠠᠷᠳᠤ ᠠᠪᠤᠷᠭᠤ ᠪᠦᠭᠡ ᠶᠢᠨ ᠨᠠᠮᠳᠠᠷ ᠲᠡᠤᠭᠡ ᠶᠢ ᠡᠮᠬᠢᠳᠭᠡᠨ ᠲᠢᠭᠯᠡᠨ᠎ᠡ︔ ᠮᠤᠩᠭᠤᠯ ᠪᠦᠭᠡ ᠶᠢ ᠣᠷᠣᠨ ᠤ ᠪᠡᠶ᠎ᠡ ᠶᠢᠨ ᠲᠠᠮᠢᠷ ᠤᠨ ᠵᠢᠩᠬᠢᠨᠢ ᠲᠦᠷᠦᠯ ᠵᠦᠢᠯ ᠤᠨ ᠤᠷᠤᠯᠳᠤᠭᠠᠨ ᠪᠤᠯᠭᠠᠬᠤ ᠪᠠᠷ ᠴᠢᠷᠮᠠᠶᠢᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号