ᠤᠯᠤᠰ ᠤᠨ ᠠᠭᠠᠷ ᠠᠶᠠᠯᠠᠯ ᠬᠦᠬᠡᠬᠤᠳᠠ ᠠᠴᠠ ᠤᠯᠠᠭᠠᠨᠪᠠᠭᠠᠳᠤᠷ ᠴᠢᠭᠯᠡᠯ ᠤᠨ ᠠᠩᠬᠠᠨ ᠤ ᠨᠢᠰᠦᠯᠬᠡ ᠶᠢ ᠪᠡᠶᠡᠯᠡᠬᠦᠯᠪᠡ
ᠨᠡᠶᠢᠲᠡᠯᠡᠭᠰᠡᠨ ᠴᠠᠭ᠄
2019-09-18
      9 ᠰᠠᠷ᠎ᠠ ᠶᠢᠨ 12 ᠤᠨ ᠡᠳᠤᠷ᠂ ᠤᠯᠤᠰ ᠤᠨ ᠠᠭᠠᠷ ᠠᠶᠠᠯᠠᠯ ᠬᠦᠬᠡᠬᠤᠳᠠ - ᠤᠯᠠᠭᠠᠨᠪᠠᠭᠠᠳᠤᠷ - ᠬᠦᠬᠡᠬᠤᠳᠠ ᠴᠢᠭᠯᠡᠯ ᠤᠨ ᠨᠢᠰᠦᠯᠬᠡ ᠡᠬᠢᠯᠡᠬᠦᠯᠬᠦ ᠠᠵᠢᠯᠯᠠᠭ᠎ᠠ ᠶᠢ ᠬᠦᠬᠡᠬᠤᠳᠠ ᠶᠢᠨ ᠴᠠᠭᠠᠨ ᠰᠤᠪᠤᠷᠭ᠎ᠠ ᠨᠢᠰᠬᠦ ᠤᠩᠬᠤᠴᠠᠨ ᠤ ᠪᠠᠭᠤᠳᠠᠯ ᠳᠤ ᠵᠤᠬᠢᠶᠠᠨ ᠪᠠᠶᠢᠭᠤᠯᠪᠠ᠃      ᠲᠤᠰ ᠨᠢᠰᠦᠯᠬᠡ ᠶᠢ ᠨᠡᠪᠳᠡᠷᠡᠭᠦᠯᠦᠭᠰᠡᠨ ᠨᠢ ᠬᠦᠬᠡᠬᠤᠳᠠ ᠶᠢᠨ ︽ᠨᠢᠬᠡ ᠪᠦᠰᠡ ᠨᠢᠬᠡ ᠵᠠᠮ︾ ᠪᠤᠯᠤᠨ ᠲᠤᠮᠳᠠᠳᠤ ᠤᠷᠤᠰ ᠮᠣᠩᠭᠤᠯ ᠤᠨ ᠡᠳ᠋ ᠤᠨ ᠵᠠᠰᠠᠭ ᠤᠨ ᠬᠤᠩᠬᠢᠯ ᠤᠨ ᠪᠠᠶᠢᠭᠤᠯᠤᠯᠳᠠ ᠳᠤ ᠴᠢᠬᠤᠯᠠ ᠦᠢᠯᠡᠳᠤᠯ ᠦᠵᠡᠬᠦᠯᠬᠦ ᠪᠠ ᠤᠮᠠᠷᠠᠰᠢ ᠨᠡᠬᠡᠬᠡᠯᠳᠡ ᠬᠢᠬᠦ ᠬᠤᠳᠠ ᠶᠢᠨ ᠲᠠᠪᠠᠭᠤᠯᠢᠭ ᠢ ᠬᠦᠢᠴᠡᠳ ᠪᠠᠳᠠᠷᠠᠭᠤᠯᠬᠤ᠂ ᠢᠷᠭᠡᠳ ᠤᠨ ᠵᠤᠷᠴᠢᠯᠳᠠ ᠶᠢᠨ ᠱᠠᠭᠠᠷᠳᠠᠯᠭ᠎ᠠ ᠶᠢ ᠬᠠᠩᠬᠠᠬᠤ᠂ ᠲᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠤᠨᠳᠤᠬᠢ ᠡᠳ᠋ ᠤᠨ ᠵᠠᠰᠠᠭ ᠠᠷᠠᠯᠵᠢᠶᠠᠨ ᠤ ᠬᠠᠷᠢᠯᠴᠠᠭ᠎ᠠ᠂ ᠰᠤᠶᠤᠯ ᠢᠷᠭᠡᠨᠰᠢᠯ ᠤᠨ ᠰᠤᠯᠢᠯᠴᠠᠭ᠎ᠠ ᠶᠢ ᠲᠠᠰᠤᠷᠠᠯᠳᠠ ᠦᠭᠡᠢ ᠬᠦᠨᠵᠡᠬᠡᠶᠢᠷᠡᠬᠦᠯᠬᠦ ᠶᠢ ᠵᠤᠷᠢᠭᠰᠠᠨ ᠪᠠᠶᠢᠨ᠎ᠠ᠃      ᠤᠶᠢᠯᠠᠭᠠᠭᠰᠠᠨ ᠢᠶᠠᠷ᠂ ᠲᠤᠰ ᠨᠢᠰᠦᠯᠬᠡ ᠨᠢ ᠭᠠᠷᠠᠭ ᠤᠨ ᠲᠦᠷᠪᠡᠨ᠂ ᠭᠠᠷᠠᠭ ᠤᠨ ᠡᠳᠤᠷ ᠬᠤᠶᠠᠷ ᠤᠳᠠᠭ᠎ᠠ ᠨᠢᠰᠴᠦ᠂ ᠠᠶᠠᠯᠠᠯ ᠤᠨ ᠳ᠋ᠤᠭᠠᠷ ᠨᠢ CA753/754᠂ ᠨᠡᠶᠢᠳᠡ 157 ᠰᠠᠭᠤᠳᠠᠯ ᠲᠠᠢ᠃ ᠬᠦᠬᠡᠬᠤᠳᠠ ᠠᠴᠠ ᠨᠢᠰᠬᠦ ᠴᠠᠭ ᠨᠢ 9᠄ 30᠂ ᠤᠯᠠᠭᠠᠨᠪᠠᠭᠠᠳᠤᠷ ᠠᠴᠠ ᠨᠢᠰᠬᠦ ᠴᠠᠭ ᠨᠢ 13᠄ 30᠂ ᠨᠡᠶᠢᠳᠡ ᠨᠢᠬᠡ ᠴᠠᠭ ᠲᠠᠪᠢᠨ ᠮᠢᠨᠦ᠋ᠲ ᠤᠨ ᠨᠢᠰᠦᠯᠬᠡ ᠶᠢᠨ ᠴᠠᠭ ᠬᠡᠷᠡᠭᠰᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号