9 ᠳ᠋ᠦ᠋ᠭᠡᠷ ᠰᠠᠷ᠎ᠠ ᠶᠢᠨ 17 ᠤ ᠦᠳᠡ ᠶᠢᠨ ᠡᠮᠦᠨ᠎ᠡ᠂ ᠬᠦᠬᠡᠬᠤᠲᠠ ᠶᠢᠨ 2019 ᠣᠨ ᠤ ᠪᠦᠬᠦ | ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ ᠤᠨ ᠭᠤᠤᠯ ᠲᠠᠯᠠᠪᠠᠢ ᠠᠵᠢᠯᠯᠠᠭ᠎ᠠ ᠶᠢᠨ ᠡᠬᠢᠯᠡᠯᠲᠡ ᠶᠢᠨ | ᠶᠣᠰᠣᠯᠠᠯ ᠰᠢᠨ᠎ᠡ ᠬᠤᠲᠠ ᠲᠣᠭᠤᠷᠢᠭ ᠤᠨ ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠳᠤ ᠶᠠᠪᠤᠭᠳᠠᠪᠠ᠃ | ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠤᠯᠤᠰ ᠢ ᠮᠠᠭᠲᠠᠨ ᠰᠠᠶᠢᠰᠢᠶᠠᠶ᠎ᠠ᠂ ᠤᠶᠤᠨᠯᠢᠭ ᠰᠢᠨ᠎ᠡ ᠠᠮᠢᠳᠤᠷᠠᠯ︾ | ᠢᠶᠠᠷ ᠭᠤᠤᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ | ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠪᠠ᠃ | | | | | | A I ᠮᠠᠰᠢᠨ ᠬᠥᠮᠦᠨ᠂ W E R ᠮᠧᠬᠠᠨᠢᠭ᠂ ᠪᠦᠲᠦᠭᠡᠯᠴᠢ ᠫᠷᠤᠭ᠍ᠷᠠᠮ ᠨᠠᠶᠢᠷᠠᠭᠤᠯᠭ᠎ᠠ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠬᠠᠶᠢᠷᠴᠠᠭ ᠁᠃ ᠠᠵᠢᠯᠯᠠᠭ᠎ᠠ ᠶᠢᠨ ᠠᠬᠤᠶ ᠲᠠᠯᠠᠪᠠᠢ ᠳᠤ᠂ ᠬᠦᠬᠡᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠤᠷᠤᠭᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠭᠤᠶᠢᠲᠠ ᠰᠠᠶᠢᠬᠠᠨ ᠦᠵᠡᠭᠦᠯᠭᠡ ᠶᠢᠨ ᠲᠣᠭᠯᠠᠯᠲᠠ ᠶᠢ ᠬᠠᠷᠠᠭᠤᠯᠵᠤ᠂ ᠣᠯᠠᠨ ᠢᠶᠠᠷ ᠢᠶᠠᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠯᠠᠰᠢ ᠦᠭᠡᠢ ᠲᠠᠲᠠᠬᠤ ᠬᠦᠴᠦᠨ ᠢ ᠤᠶᠢᠯᠠᠭᠠᠬᠤ ᠶᠢᠨ ᠬᠠᠮᠲᠤ | ᠰᠢᠨᠵᠢᠯᠡᠬᠦ ᠤᠬᠠᠭᠠᠨ ᠮᠡᠷᠭᠡᠵᠢᠯ ᠤᠨ ᠵᠢᠭᠠᠨ ᠰᠤᠷᠭᠠᠯᠲᠠ ᠳᠠᠬᠢ ᠠᠭᠤᠰᠤᠯᠴᠠᠯ ᠢ ᠮᠠᠭᠲᠠᠨ ᠰᠠᠶᠢᠰᠢᠶᠠᠵᠠᠢ᠃ | ᠭᠠᠶᠢᠬᠠᠬᠤ ᠳᠠᠭᠤᠨ ᠳᠤᠮᠳᠠ᠂ ᠬᠠᠮᠤᠭ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠨᠢᠭᠡᠨᠲᠡ ᠰᠤᠷᠤᠭᠴᠢ | ᠨᠢᠭᠡᠪᠦᠷᠢ ᠶᠢᠨ ᠰᠡᠳᠬᠢᠯ ᠳᠤ ᠰᠠᠭᠤᠭᠳᠠᠵᠤ᠂ ᠠᠵᠢᠯᠯᠠᠭ᠎ᠠ ᠲᠤᠮᠳᠠ ᠰᠢᠨᠵᠢᠯᠡᠬᠦ ᠤᠬᠠᠭᠠᠨ ᠮᠡᠷᠭᠡᠵᠢᠯ ᠬᠥᠮᠦᠨ | ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠦᠵᠡᠭᠦᠯᠦᠭᠰᠡᠨ ᠦᠢᠯᠡᠳᠦᠯ ᠢ | ᠣᠯᠠᠨ ᠳᠤ ᠭᠦᠢᠴᠡᠳ ᠮᠡᠳᠡᠷᠡᠭᠦᠯᠵᠦ᠂ ᠰᠤᠷᠤᠭᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠢ ᠡᠷᠬᠢᠮᠯᠡᠬᠦ᠂ | ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ | ᠥᠳᠬᠡᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠵᠠᠶ᠃ | | | | | | ︽ᠥᠨᠥᠳᠥᠷ ᠶᠠᠭ ᠯᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠢ ᠰᠤᠷᠭᠠᠭᠤᠯᠢ ᠳᠤ | ᠨᠡᠭᠦᠯᠭᠡᠭᠰᠡᠨ ᠰᠢᠭ᠂ ᠦᠨᠡᠬᠡᠷ ᠰᠣᠨᠢᠷᠬᠠᠯᠲᠠᠶ︕ ᠦᠭᠡᠢ ᠦᠭᠡᠢ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤᠨ | ᠣᠷᠳᠣᠨ ᠠᠴᠠ ᠪᠠᠰᠠ ᠰᠣᠨᠢᠷᠬᠠᠯᠲᠠᠶ᠂ ᠦᠨᠡᠬᠡᠷ ᠰᠦᠷᠡᠬᠡᠢ ᠪᠠᠶᠢᠨ᠎ᠠ᠃︾ | | ︽ᠥᠨᠥᠳᠥᠷ ᠪᠣᠯ ᠮᠢᠨᠦ ᠰᠤᠷᠭᠠᠭᠤᠯᠢ ᠡᠬᠢᠯᠡᠭᠰᠡᠨ ᠠᠴᠠ ᠨᠠᠰᠢᠬᠢ ᠬᠠᠮᠤᠭ ᠤᠨ ᠪᠠᠶᠠᠷ ᠲᠠᠢ ᠡᠳᠦᠷ ︕ | ᠠᠪᠠᠭ᠎ᠠ ᠠᠨᠢᠶ᠎ᠠ ᠨᠠᠷᠰᠢᠨᠵᠢᠯᠡᠬᠦ ᠤᠬᠠᠭᠠᠨ ᠮᠡᠷᠭᠡᠵᠢᠯ ᠤᠨ ᠲᠡᠷᠭᠡ ᠳᠣᠲᠣᠷ᠎ᠠ ᠠᠴᠠ ᠮᠠᠰᠢ ᠣᠯᠠᠨ ᠭᠠᠶᠢᠬᠠᠮᠰᠢᠭᠲᠤ | ᠮᠠᠰᠢᠨ ᠢ ᠠᠪᠴᠤ ᠭᠠᠷᠭᠠᠵᠠᠢ᠂ ᠪᠢ ᠦᠨᠡᠬᠡᠷ ᠨᠢᠳᠦ ᠨᠡᠭᠡᠭᠡᠯ᠎ᠡ︕︾ | | | | | | ︽ᠪᠢ ᠭᠡᠷ ᠲᠡᠭᠡᠨ ᠪᠠᠰᠠ ᠮᠠᠰᠢᠨ ᠬᠥᠮᠦᠨ ᠨᠠᠭᠠᠳᠬᠤ ᠳᠤᠷᠠᠲᠠᠢ᠂ ᠭᠡᠪᠡᠴᠦ ᠡᠨᠡ ᠮᠠᠨ ᠤ ᠭᠡᠷ ᠤᠨ ᠬᠢ ᠠᠴᠠ | ᠨᠡᠩ ᠰᠦᠷᠡᠬᠡᠢ︕ ᠰᠡᠭᠦᠯᠡᠷ ᠪᠢ ᠪᠠᠰᠠ ᠲᠡᠶᠢᠮᠦ ᠰᠦᠷᠡᠬᠡᠢ ᠮᠠᠰᠢᠨ ᠬᠥᠮᠦᠨ ᠢ ᠲᠦᠰᠦᠪᠯᠡᠵᠦ ᠭᠠᠷᠭᠠᠨ᠎ᠠ︕︾ | ᠬᠡᠤᠬᠡᠳ ᠤᠳ ᠰᠤᠷᠪᠤᠯᠵᠢᠯᠠᠭᠴᠢ ᠳᠤ ᠥᠪᠡᠷ ᠤᠨ ︽ᠦᠵᠡᠭᠰᠡᠨ ᠤ ᠳᠠᠷᠠᠭᠠᠬᠢ ᠲᠥᠷᠥᠭᠳᠡᠯ︾ ᠢᠶᠠᠨ ᠢᠯᠡᠳᠬᠡᠵᠦ | ᠪᠠᠶᠢᠯ᠎ᠠ᠃ | | | | | | ᠰᠢᠨ᠎ᠡ ᠬᠤᠲᠠ ᠲᠣᠭᠤᠷᠢᠭ ᠤᠨ ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠨᠠ ᠯᠠ᠄ | ︽ᠮᠠᠨ ᠤ ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢᠨ | ᠲᠥᠯᠥᠭᠡ ᠢᠮᠠᠭᠲᠠ ᠴᠢᠷᠮᠠᠶᠢᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠬᠥᠮᠦᠵᠢᠭᠦᠯᠬᠦ ᠶᠢ | ᠪᠠᠷᠢᠮᠲᠠᠯᠠᠵᠤ᠂ ᠰᠤᠷᠤᠭᠴᠢᠳ ᠢ ᠢᠳᠡᠪᠬᠢᠲᠡᠢ ᠵᠣᠬᠢᠶᠠᠨ ᠪᠠᠶᠢᠭᠤᠯᠵᠤ ᠡᠯ᠎ᠡ ᠵᠤᠶᠢᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠳᠤ ᠤᠷᠤᠯᠴᠠᠭᠤᠯᠵᠤ ᠪᠠᠶᠢᠨ᠎ᠠ᠃ ᠥᠨᠥᠳᠥᠷ ᠤᠨ ᠡᠬᠢᠯᠡᠯᠲᠡ ᠶᠢᠨ | ᠶᠣᠰᠣᠯᠠᠯ ᠢ ᠠᠰᠢᠭᠯᠠᠨ᠂ ᠪᠢᠳᠡ ᠰᠤᠷᠭᠠᠭᠤᠯᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ | ᠲᠦᠭᠡᠮᠡᠯᠵᠢᠭᠦᠯᠬᠦ᠂ ᠤᠶᠤᠨᠯᠢᠭ ᠰᠢᠨ᠎ᠡ ᠠᠮᠢᠳᠤᠷᠠᠯ ᠤᠨ ᠬᠠᠮᠢᠶ᠎ᠠ ᠪᠦᠬᠦᠢ ᠬᠥᠳᠡᠯᠭᠡᠭᠡᠨ ᠳᠤ ᠬᠦᠴᠦᠨ ᠨᠡᠮᠡᠷᠢᠯᠡᠨ᠎ᠡ᠃ | | | | |