ᠦᠴᠤᠸᠠᠨ ᠰᠢᠶᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-09-02
     8 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠳᠡᠳ᠋ ᠳᠠᠷᠤᠭ᠎ᠠ ᠯᠢ ᠶᠢᠩ ᠴᠦᠨ᠂ ᠷᠧᠨ ᠶᠠᠨ ᠰᠢᠶᠠᠩ᠂ ᠪᠠᠲᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠵᠢᠶᠧ ᠭᠤᠸᠠᠩ ᠵᠢᠴᠢ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠤᠰᠤᠨ ᠤ ᠶᠠᠪᠤᠳᠠᠯ᠂ ᠵᠠᠮ ᠬᠠᠷᠢᠯᠴᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠤᠰᠪᠠ᠃       ᠶᠢᠨ ᠴᠦᠨ ᠯᠢᠶᠠᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠠᠴᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠦᠴᠤᠸᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠶᠠᠪᠤᠭᠳᠠᠭᠤᠰᠢᠲᠠᠶ ᠲᠥᠷᠥᠯ ᠵᠦᠢᠯ ᠢ ᠳᠤᠷᠠᠳᠤᠨ ᠭᠠᠷᠭᠠᠬᠤ ᠬᠡᠷᠡᠭᠲᠡᠶ᠃ ᠰᠠᠯᠠᠭ᠎ᠠ ᠮᠥᠴᠢᠷ ᠢ ᠦᠨᠳᠦᠰᠦᠯᠡᠨ ᠲᠥᠷᠥᠯ ᠵᠦᠢᠯ ᠢ ᠨᠠᠷᠢᠨ ᠬᠤᠪᠢᠶᠠᠵᠤ᠂ ᠨᠠᠷᠢᠯᠢᠭᠵᠢᠭᠤᠯᠤᠨ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ᠂ ᠰᠣᠳᠤᠯᠤᠨ ᠮᠠᠭᠠᠳᠯᠠᠬᠤ ᠪᠠᠨ ᠴᠢᠩᠭᠠᠳᠬᠠᠵᠤ᠂ ᠤᠷᠢᠳᠴᠢᠯᠠᠨ ᠲᠥᠯᠥᠪᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢᠨ ᠣᠷᠴᠢᠨ ᠲᠣᠭᠤᠷᠢᠨ ᠤ ᠰᠢᠨ᠎ᠡ ᠬᠤᠪᠢᠷᠠᠯᠲᠠ ᠪᠣᠯᠤᠨ ᠬᠥᠭᠵᠢᠯᠲᠡ ᠶᠢᠨ ᠱᠠᠲᠤ ᠦᠶ᠎ᠡ ᠶᠢᠨ ᠰᠢᠨ᠎ᠡ ᠣᠨᠴᠠᠯᠢᠭ ᠰᠢᠨᠵᠢ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠵᠠᠷᠴᠢᠮ ᠶᠣᠰᠣᠭᠠᠷ ᠠᠵᠢᠯ ᠢᠶᠠᠨ ᠥᠷᠨᠢᠭᠦᠯᠬᠦ ᠬᠡᠷᠡᠭᠲᠡᠶ᠃ ᠨᠤᠲᠠᠯᠠᠯᠲᠠ ᠬᠢᠬᠦ ᠶᠢ ᠬᠢᠨᠠᠮᠠᠭᠠᠶ ᠵᠣᠬᠢᠶᠠᠨ ᠪᠠᠶᠢᠭᠤᠯᠵᠤ᠂ ᠭᠤᠤᠯᠳᠠᠯᠭ᠎ᠠ ᠶᠢ ᠡᠵᠡᠮᠳᠡᠨ᠂ ᠶᠠᠰᠤ ᠴᠢᠨᠠᠷ ᠢ ᠴᠢᠬᠤᠯᠠᠴᠢᠯᠠᠵᠤ᠂ ᠲᠥᠯᠦᠪᠵᠢᠭᠦᠯᠦᠨ ᠨᠠᠶᠢᠷᠠᠭᠤᠯᠤᠨ ᠵᠣᠬᠢᠶᠠᠬᠤ ᠡᠯ᠎ᠡ  ᠵᠦᠢᠯ ᠤᠨ ᠠᠵᠢᠯ ᠢ ᠦᠨᠡᠨ ᠬᠦ ᠰᠠᠶᠢᠲᠤᠷ ᠥᠷᠨᠢᠭᠦᠯᠬᠦ ᠬᠡᠷᠡᠭᠲᠡᠶ ᠭᠡᠪᠡ᠃ ︵ᠬᠤᠤ ᠯᠢ ᠴᠢᠨ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号