ᠰᠢᠨ᠎ᠡ ᠬᠤᠲᠠ ᠲᠣᠭᠤᠷᠢᠭ ᠰᠣᠶᠣᠯ ᠲᠠᠮᠢᠷ ᠤᠨ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠪᠡᠶ᠎ᠡ ᠲᠠᠮᠢᠷ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠯᠪᠠᠨ ᠭᠡᠷ ᠠᠮᠠᠷᠠᠯᠲᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2019-09-20
     ᠠᠶᠤᠯᠭᠦᠶ ᠦᠢᠯᠡᠳᠪᠦᠷᠢᠯᠡᠯ ᠤᠨ ᠡᠭᠦᠷᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠬᠤ ᠶᠢᠨ ᠲᠦᠯᠦᠭᠡ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠢᠨ᠎ᠡ ᠬᠤᠲᠠ ᠲᠣᠭᠤᠷᠢᠭ ᠤᠨ ᠪᠡᠶ᠎ᠡ ᠲᠠᠮᠢᠷ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠯᠪᠠᠨ ᠭᠡᠷ ᠪᠡᠶ᠎ᠡ ᠲᠠᠮᠢᠷ ᠤᠨ ᠵᠠᠬ᠎ᠠ ᠳᠡᠯᠭᠡᠭᠦᠷ ᠤᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠢᠳᠡᠪᠬᠢᠲᠡᠢ ᠰᠠᠶᠢᠲᠤᠷ ᠬᠢᠪᠡ᠃      ᠲᠣᠰ ᠤᠳᠠᠭᠠᠨ ᠤ ᠪᠠᠶᠢᠴᠠᠭᠠᠯᠲᠠ ᠡᠯ᠎ᠡ ᠡᠵᠡᠩᠨᠡᠯᠲᠡ ᠶᠢᠨ ᠲᠠᠯᠠᠪᠤᠷ ᠤᠨ ᠰᠢᠭᠤᠳ ᠨᠡᠪᠲᠡᠷᠡᠬᠦ ᠵᠠᠮ᠂ ᠠᠶᠤᠯᠭᠦᠶ ᠢᠯᠡᠳᠬᠡᠮᠵᠢ ᠲᠡᠮᠳᠡᠭ᠂ ᠲᠠᠯᠠᠪᠤᠷ ᠤᠨ ᠪᠠᠭᠠᠵᠢ ᠬᠡᠷᠡᠭᠰᠡᠯ᠂ ᠭᠠᠯ ᠰᠡᠷᠭᠡᠶᠢᠯᠡᠬᠦ ᠲᠥᠬᠦᠭᠡᠷᠦᠮᠵᠢ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠰᠢᠰᠲ᠋ᠧᠮ᠂ ᠮᠠᠰᠢᠨ ᠤ ᠭᠡᠷ ᠤᠨ ᠲᠥᠬᠦᠭᠡᠷᠦᠮᠵᠢ ᠵᠢᠴᠢ ᠳᠤᠯᠠᠭᠠᠯᠠᠬᠤ ᠭᠦᠸᠧᠯᠦ ᠵᠡᠷᠭᠡ ᠭᠤᠤᠯᠳᠠᠯᠭ᠎ᠠ ᠲᠠᠢ ᠵᠠᠩᠭᠢᠯᠠᠭ᠎ᠠ᠂ ᠭᠤᠤᠯᠳᠠᠯᠭ᠎ᠠ ᠲᠠᠢ ᠬᠡᠰᠡᠭ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠤ ᠨᠠᠷᠢᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠳᠤᠷᠠᠳᠴᠠᠶ᠃      ᠲᠣᠰ ᠤᠳᠠᠭᠠᠨ ᠤ ᠪᠠᠶᠢᠴᠠᠭᠠᠯᠲᠠ ᠨᠢ ᠠᠶᠤᠯᠭᠦᠶ ᠦᠢᠯᠡᠳᠪᠦᠷᠢᠯᠡᠯ ᠢ ᠪᠣᠳᠠᠲᠠᠶ ᠨᠠᠶᠢᠳᠠᠪᠤᠷᠢᠵᠢᠭᠤᠯᠤᠭᠰᠠᠨ ᠢᠶᠠᠷ ᠪᠠᠷᠠᠬᠤ ᠥᠬᠡᠶ᠂ ᠡᠵᠡᠩᠨᠡᠭᠴᠢᠳ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠡᠷᠡᠭᠯᠡᠭᠴᠢᠳ‌‍ᠲ᠋ᠤ ᠠᠶᠤᠯᠭᠦᠶ ᠪᠥᠭᠡᠳ ᠰᠠᠨᠠᠭ᠎ᠠ ᠠᠮᠤᠷ ᠪᠡᠶ᠎ᠡ ᠴᠢᠭᠢᠷᠠᠭᠵᠢᠭᠤᠯᠬᠤ ᠣᠷᠴᠢᠨ ᠢ ᠴᠢᠷᠮᠠᠶᠢᠨ ᠪᠤᠢ ᠪᠣᠯᠭᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号