ᠸᠠᠩ ᠯᠢ ᠰᠢᠶᠠ ᠦᠴᠤᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠥᠪᠡᠷᠮᠢᠴᠡ ᠣᠨᠴᠠᠯᠢᠭ ᠲᠠᠢ ᠲᠥᠷᠥᠯ ᠲᠡᠮᠳᠡᠭ ᠢ ᠡᠭᠦᠳᠴᠦ ᠠᠵᠤ ᠦᠢᠯᠡᠰ ᠤᠨ ᠬᠥᠭᠵᠢᠯᠲᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠶᠢ ᠴᠢᠬᠤᠯᠠᠴᠢᠯᠠᠪᠠ
ᠨᠡᠶᠢᠲᠡᠯᠡᠭᠰᠡᠨ ᠴᠠᠭ᠄
2019-09-20
     9 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠦᠴᠤᠸᠠᠨ ᠰᠢᠶᠠᠨ ᠳᠤ ᠭᠦᠨᠵᠡᠭᠡᠶᠢᠷᠡᠵᠦ ᠂ ᠠᠮᠢ ᠠᠬᠤᠢ ᠶᠢᠨ ᠪᠣᠯᠪᠠᠰᠤᠨ ᠤ  ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠤᠨᠴᠠᠯᠢᠬᠳᠤ ᠠᠵᠤ ᠦᠢᠯᠡᠰ ᠢ ᠶᠡᠬᠡᠪᠡᠷ ᠪᠤᠶᠢᠵᠢᠭᠤᠯᠤᠨ ᠬᠥᠭᠵᠢᠭᠦᠯᠵᠦ᠂ ᠲᠡᠳᠬᠦᠨ ᠳᠡᠮᠵᠢᠬᠦ ᠣᠨᠴᠠᠯᠢᠭ ᠲᠠᠢ ᠲᠥᠷᠥᠯ ᠲᠡᠮᠳᠡᠭ ᠢ ᠡᠭᠦᠳᠴᠦ᠂ ᠬᠠᠪᠰᠤᠷᠤᠨ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠸᠠᠨ ᠵᠢᠤᠢ ᠳ᠋ᠦᠩ ᠱᠠᠨ ᠶᠦᠩ ᠭᠡᠷᠡᠯ ᠸᠣᠯᠲ ᠤᠨ ᠴᠠᠬᠢᠯᠭᠠᠨ ᠥᠷᠲᠡᠭᠡ᠂ ᠴᠤᠸᠠᠨ ᠪᠦᠦ ᠺᠣᠮᠫᠠᠨᠢ᠂ ᠮᠧᠩ ᠾᠧ ᠶᠤᠸᠠᠨ ᠢᠳᠡᠭᠡᠨ ᠤ ᠮᠥᠭᠦ ᠶᠢᠨ ᠦᠢᠯᠡᠳᠪᠦᠷᠢᠯᠡᠯ ᠤᠨ ᠰᠠᠭᠤᠷᠢᠨ ᠳᠤ᠂ ᠸᠠᠩ ᠯᠢ ᠰᠢᠶᠠ ᠠᠵᠤ ᠠᠬᠤᠶᠢᠯᠠᠯ ᠤᠨ ᠬᠥᠭᠵᠢᠯᠲᠡ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠠᠵᠤ ᠦᠢᠯᠡᠰ ᠤᠨ ᠬᠥᠭᠵᠢᠯᠲᠡ ᠪᠣᠯ ᠵᠠᠩᠭᠢᠯᠠᠭ᠎ᠠ ᠪᠣᠯᠤᠨ᠎ᠠ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠲᠡᠳᠬᠦᠨ ᠳᠠᠮᠵᠢᠵᠤ ᠪᠠᠶᠢᠭᠠᠳ ᠣᠨᠴᠠᠯᠢᠭᠲᠤ ᠦᠢᠯᠡᠳᠬᠦᠨ ᠤ ᠲᠥᠷᠥᠯ ᠲᠡᠮᠳᠡᠭ ᠢ ᠡᠭᠦᠳᠴᠦ᠂ ᠠᠵᠤ ᠠᠬᠤᠶᠢᠯᠠᠯ ᠢ ᠬᠠᠪᠰᠤᠷᠤᠨ ᠦᠢᠯᠡᠳᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢ ᠦᠨᠡᠨᠬᠦ ᠰᠠᠶᠢᠲᠤᠷ ᠬᠢᠵᠦ᠂ ᠲᠤᠬᠠᠶ ᠶᠢᠨ ᠭᠠᠵᠠᠷ ᠤᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号