18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠠᠵᠤ ᠦᠶᠯᠡᠳᠪᠦᠷᠢ ᠶᠢᠨ ᠠᠵᠤ ᠠᠬᠤᠶ᠂ ᠠᠷᠠᠳ | ᠤᠨ ᠠᠮᠢᠳᠤᠷᠠᠯ ᠤᠨ ᠬᠥᠭᠵᠢᠯᠲᠡ᠂ ᠬᠤᠪᠢᠰᠬᠠᠯ ᠤᠨ ᠰᠤᠷᠭᠠᠨ ᠬᠥᠮᠦᠵᠢᠯ ᠵᠡᠷᠭᠡ ᠠᠵᠢᠯ ᠤᠨ ᠲᠤᠬᠠᠶ ᠴᠢᠩ ᠱᠦᠶ | ᠾᠧ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ᠃ | ᠴᠢᠩ ᠱᠦᠶ ᠾᠧ ᠰᠢᠶᠠᠨ ᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠸᠠᠩ ᠯᠢ ᠰᠢᠶᠠ | ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠪᠡ᠂ ᠰᠠᠭᠤᠷᠢ ᠪᠦᠲᠦᠭᠡᠨ | ᠪᠠᠶᠢᠭᠤᠯᠤᠯᠲᠠ᠂ ᠠᠵᠤ ᠠᠬᠤᠶᠢᠯᠠᠯ ᠤᠨ ᠣᠷᠣᠵᠤ ᠰᠠᠭᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠴᠣᠣ | ᠲᠡᠮᠳᠡᠭᠲᠦ ᠺᠣᠮᠫᠠᠨᠢ ᠪᠣᠯᠤᠨ ᠰᠢᠤᠢ ᠶᠠᠩ ᠳᠤᠮᠳᠠᠳᠤ ᠤᠯᠤᠰ ᠤᠨ ᠰᠢᠲᠠᠮᠠᠬᠠᠶ ᠬᠡᠢ ᠶᠢᠨ ᠺᠣᠮᠫᠠᠨᠢ ᠶᠢᠨ | ᠬᠠᠷᠢᠭᠤᠴᠠᠯᠭᠠᠲᠠᠨ ᠤ ᠠᠵᠤ ᠠᠬᠤᠶᠢᠯᠠᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ | ᠨᠡᠭᠡᠭᠡᠯᠲᠡ᠂ ᠦᠶᠯᠡᠳᠬᠦᠨ ᠤ ᠪᠣᠷᠣᠯᠠᠭᠤᠯᠭ᠎ᠠ ᠵᠡᠷᠭᠡ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ | ᠰᠣᠨᠣᠰᠴᠠᠶ᠃ ᠸᠠᠩ ᠯᠢ ᠰᠢᠶᠠ ᠠᠵᠤ ᠠᠬᠤᠶᠢᠯᠠᠯ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠡᠷᠡᠭᠯᠡᠭᠡᠨ ᠤ | ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ᠂ ᠦᠶᠯᠡᠳᠬᠦᠨ ᠢ ᠨᠡᠮᠡᠭᠳᠡᠭᠦᠯᠬᠦ ᠬᠡᠷᠡᠭᠲᠡᠶ ᠭᠡᠵᠦ ᠬᠦᠰᠡᠪᠡ᠃ ᠴᠢᠩ ᠱᠦᠶ ᠾᠧ ᠰᠢᠶᠠᠨ ᠬᠦᠷᠢᠶᠡᠯᠡᠩ | ᠲᠣᠭᠤᠷᠢᠭ ᠤᠨ ᠪᠦᠬᠦᠯᠢ ᠴᠣᠭᠴᠠ ᠶᠢᠨ ᠲᠥᠯᠥᠪᠵᠢᠭᠦᠯᠪᠡ ᠪᠣᠯᠤᠨ ᠣᠯᠠᠨ ᠨᠡᠶᠢᠲᠡ ᠶᠢᠨ ᠴᠢᠨᠠᠷᠲᠠᠶ ᠪᠠᠷᠠᠭ᠎ᠠ ᠶᠢᠨ | ᠭᠦᠶᠯᠭᠡᠭᠡ᠂ ᠠᠮᠢᠳᠤᠷᠠᠯ᠂ ᠵᠠᠮ ᠬᠠᠷᠢᠯᠴᠠᠭ᠎ᠠ ᠵᠡᠷᠭᠡ ᠢᠵᠢ ᠪᠦᠷᠢᠳᠦᠭᠰᠡᠨ ᠠᠵᠤ ᠦᠢᠯᠡᠰ ᠤᠨ ᠲᠥᠯᠥᠪᠵᠢᠭᠦᠯᠭᠡ ᠶᠢ | ᠰᠠᠶᠢᠲᠤᠷ ᠬᠢᠵᠦ᠂ ᠠᠵᠤ ᠠᠬᠤᠶᠢᠯᠠᠯ ᠳᠤ ᠨᠢᠭᠡᠳᠦᠯᠲᠡᠶ ᠳᠤ ᠲᠥᠯᠥᠪᠵᠢᠭᠦᠯᠬᠦ ᠦᠶᠯᠡᠴᠢᠯᠡᠭᠡ ᠶᠢ ᠰᠠᠶᠢᠲᠤᠷ ᠬᠢᠵᠦ᠂ | ᠬᠦᠷᠢᠶᠡᠯᠡᠩ ᠲᠣᠭᠤᠷᠢᠭ ᠤᠨ ᠲᠥᠪᠯᠡᠷᠡᠩᠭᠦᠶ᠂ ᠡᠷᠴᠢᠮᠯᠢᠭ᠂ ᠲᠥᠪᠯᠡᠷᠡᠩᠭᠦᠶ ᠬᠥᠭᠵᠢᠯᠲᠡ ᠶᠢ ᠪᠠᠲᠤᠯᠠᠬᠤ ᠬᠡᠷᠡᠭᠲᠡᠶ | ᠭᠡᠵᠦ ᠱᠠᠭᠠᠷᠳᠠᠪᠠ᠃ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠵᠢᠯᠯᠠᠬᠤ ᠠᠷᠭ᠎ᠠ ᠶᠢ ᠥᠭᠡᠷᠡᠴᠢᠯᠡᠨ᠂ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠣᠳᠠᠲᠤ ᠴᠣᠭᠴᠠ ᠪᠣᠯᠭᠠᠨ ᠡᠵᠡᠩᠨᠡᠵᠦ᠂ ︽ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ | ᠲᠠᠢ ᠤᠶᠠᠯᠳᠤᠭᠤᠯᠵᠤ᠂ ᠡᠭᠦᠳᠡ ᠪᠠᠨ ᠨᠡᠭᠡᠭᠡᠵᠦ ᠢᠳᠬᠠᠯ ᠬᠦᠯᠢᠶᠡᠨ ᠠᠪᠴᠤ᠂ ᠠᠵᠤ ᠠᠬᠤᠶᠢᠯᠠᠯ ᠳᠤ | ᠭᠦᠨᠵᠡᠭᠡᠶᠢᠷᠡᠨ ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠠᠵᠢᠯ ᠤᠨ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠪᠠᠶᠢᠩᠭᠤᠵᠢᠭᠰᠠᠨ ᠦᠶᠯᠡᠴᠢᠯᠡᠭᠡᠨ ᠤ ᠠᠵᠤ ᠠᠬᠤᠶᠢᠯᠠᠯ ᠤᠨ ᠠᠵᠢᠯ ᠤᠨ ᠲᠣᠭᠲᠠᠴᠠ ᠶᠢ | ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠶᠳᠪᠦᠷᠢᠯᠡᠵᠦ ᠥᠭᠬᠦ ᠬᠡᠷᠡᠭᠲᠡᠶ᠃ | ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ᠂ ᠪᠦᠬᠦ ᠠᠵᠤ ᠦᠢᠯᠡᠰ | ᠤᠨ ᠬᠡᠯᠬᠢᠶ᠎ᠡ ᠶᠢᠨ ᠠᠵᠤ ᠠᠬᠤᠶᠢᠯᠠᠯ ᠳᠤ ᠬᠥᠭᠵᠢᠯᠲᠡ ᠶᠢᠨ ᠣᠷᠣᠨ ᠵᠠᠢ ᠶᠢ ᠭᠦᠶᠴᠡᠳ ᠦᠯᠡᠳᠡᠭᠡᠵᠦ᠂ ᠠᠵᠤ | ᠠᠬᠤᠶᠢᠯᠠᠯ ᠢ ᠪᠤᠵᠠᠭᠠᠶᠢᠷᠠᠭᠤᠯᠬᠤ ᠶᠢᠨ ᠬᠠᠮᠲᠤ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠬᠡᠷᠡᠭᠲᠡᠶ ᠭᠡᠵᠡᠢ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠯᠢ ᠰᠢᠶᠠ ᠪᠦᠬᠦ ᠤᠯᠤᠰ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ ᠡᠦ ᠬᠠᠨ ᠳ᠋ᠢᠩ ᠢ ᠪᠣᠯᠭᠤᠭᠠᠨ ᠲᠣᠬᠤᠨᠢᠭᠤᠯᠵᠠᠢ᠂ ᠡᠨᠡ ᠵᠢᠯ | 86 ᠨᠠᠰᠤᠲᠠᠶ ᠡᠦ ᠬᠠᠨ ᠳ᠋ᠢᠩ ᠢᠮᠠᠭᠲᠠ ᠬᠥᠳᠡᠭᠡ ᠠᠵᠤ ᠠᠬᠤᠶ ᠶᠢ ᠳᠡᠮᠵᠢᠬᠦ᠂ ᠰᠤᠷᠭᠠᠨ ᠬᠥᠮᠦᠵᠢᠯ ᠢ ᠳᠡᠮᠵᠢᠬᠦ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ ᠲᠡᠳᠬᠦᠬᠦ ᠵᠡᠷᠭᠡ ᠠᠵᠢᠯᠯᠠᠭ᠎ᠠ ᠶᠢ ᠴᠥᠬᠦᠷᠡᠰᠢ ᠦᠭᠡᠢ ᠥᠷᠨᠢᠭᠦᠯᠪᠡ | ᠃ ᠬᠡᠷᠡᠮ ᠳᠡᠭᠡᠷ᠎ᠡ ᠬᠡᠮᠡᠷᠯᠢᠭ ᠲᠤᠭ ᠲᠦᠭᠦᠷᠡᠲᠡᠯ᠎ᠡ ᠡᠯᠭᠦᠵᠦ᠂ ᠭᠡᠷ ᠳᠣᠲᠣᠷ᠎ᠠ ᠡᠯ᠎ᠡ ᠵᠦᠶᠯ ᠤᠨ ᠦᠨᠡᠮᠯᠡᠯ | ᠣᠪᠣᠭᠠᠷᠠᠵᠤ᠂ ᠸᠠᠩ ᠯᠢ ᠰᠢᠶᠠ ᠡᠦ ᠬᠠᠨ ᠳ᠋ᠢᠩ ᠤᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠢᠭᠡ ᠨᠠᠰᠤ ᠪᠠᠷ ᠢᠶᠠᠨ ᠡᠪ | ᠬᠠᠮᠲᠤ ᠨᠠᠮ ᠤᠨ ᠭᠡᠰᠢᠭᠦᠨ ᠤ ᠲᠠᠩᠭᠠᠷᠢᠭ ᠢᠶᠠᠨ ᠦᠶᠯᠡᠳᠦᠯᠭᠡᠵᠢᠭᠦᠯᠵᠦ᠂ ᠬᠡᠳᠦᠨ ᠠᠷᠪᠠᠨ ᠵᠢᠯ ᠢ ᠨᠢᠭᠡ ᠡᠳᠦᠷ | ᠮᠡᠲᠦ ᠪᠠᠷ ᠣᠯᠠᠨ ᠲᠦᠮᠡᠨ ᠳᠤ ᠦᠢᠯᠡᠴᠢᠯᠡᠵᠦ ᠣᠯᠠᠨ ᠲᠦᠮᠡᠨ ᠳᠤ ᠬᠤᠪᠢ ᠨᠡᠮᠡᠷᠢ ᠦᠵᠡᠭᠦᠯᠦᠭᠰᠡᠨ ᠢ ᠵᠣᠷᠢᠭ | ᠰᠠᠨᠠᠭ᠎ᠠ ᠶᠢ ᠴᠢᠩ ᠰᠡᠳᠬᠢᠯ ᠠᠴᠠ ᠪᠠᠨ ᠪᠢᠰᠢᠷᠡᠵᠦ ᠪᠠᠶᠢᠬᠤ ᠪᠠᠨ ᠢᠯᠡᠳᠬᠡᠪᠡ᠃ ᠲᠡᠷᠡ ᠡᠪ ᠬᠠᠮᠲᠤ ᠨᠠᠮ ᠤᠨ | ᠭᠡᠰᠢᠭᠦᠨ ᠨᠢᠭᠡᠪᠦᠷᠢ ᠴᠥᠮ ᠡᠦ ᠨᠠᠰᠤᠲᠠᠨ ᠠᠴᠠ ᠰᠤᠷᠤᠯᠴᠠᠵᠤ᠂ ᠣᠯᠠᠨ ᠲᠦᠮᠡᠨ ᠤ ᠪᠣᠳᠠᠲᠠᠶ ᠠᠰᠠᠭᠤᠳᠠᠯ ᠢ | ᠰᠢᠶᠳᠪᠦᠷᠢᠯᠡᠨ ᠥᠭᠴᠦ᠂ ᠣᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ | ᠣᠯᠠᠨ ᠲᠦᠮᠡᠨ ᠤ ᠢᠲᠡᠭᠡᠯ ᠬᠦᠨᠳᠦᠳᠬᠡᠯ ᠢ ᠣᠯᠬᠤ ᠶᠢ ᠬᠦᠰᠡᠪᠡ᠃ | ᠸᠠᠩ ᠯᠢ ᠰᠢᠶᠠ ᠴᠧᠩ ᠭᠤᠸᠠᠨ ᠪᠠᠯᠭᠠᠰᠤ ᠶᠢᠨ ᠢ ᠮᠢᠨ ᠪᠠᠭ᠎ᠠ ᠲᠣᠭᠤᠷᠢᠭ ᠤᠨ ᠣᠨᠳᠣᠤ ᠭᠠᠵᠠᠷ ᠲᠤ | ᠨᠡᠭᠦᠯᠭᠡᠵᠦ ᠶᠠᠳᠠᠭᠤ ᠶᠢ ᠲᠡᠳᠬᠦᠬᠦ ᠪᠠ ᠨᠠᠮ ᠤᠨ ᠪᠠᠶᠢᠭᠤᠯᠤᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠶᠢ | ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠵᠢᠦ ᠼᠠᠢ ᠵᠤᠸᠠᠩ ᠰᠢᠶᠠᠩ | ᠵᠡᠷᠭᠡ ᠭᠠᠵᠠᠷ ᠠᠴᠠ ᠨᠡᠭᠦᠵᠦ ᠢᠷᠡᠭᠰᠡᠨ ᠰᠠᠭᠤᠭᠠᠯᠢ ᠠᠷᠠᠳ ᠲᠠᠢ ᠨᠡᠭᠦᠬᠦ ᠠᠴᠠ ᠡᠮᠦᠨᠡᠬᠢ ᠬᠤᠶᠢᠨᠠᠬᠢ ᠠᠮᠢᠳᠤᠷᠠᠯ ᠤᠨ | ᠬᠤᠪᠢᠷᠠᠯᠲᠠ ᠶᠢ ᠶᠠᠷᠢᠯᠴᠠᠪᠠ᠃ ᠸᠠᠩ ᠯᠢ ᠰᠢᠶᠠ ᠴᠢᠩ ᠱᠦᠶ ᠾᠧ ᠰᠢᠶᠠᠨ ᠤ ᠠᠮᠤᠭᠤᠯᠠᠩ ᠰᠠᠭᠤᠷᠢᠰᠢᠬᠤ ᠪᠠ | ᠬᠥᠭᠵᠢᠮ ᠤᠨ ᠦᠶᠯᠡᠰ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠬᠤ᠂ ᠨᠡᠭᠦᠯᠭᠡᠬᠦ ᠪᠠ ᠶᠠᠳᠠᠭᠤ ᠠᠴᠠ | ᠠᠩᠭᠢᠵᠢᠷᠠᠭᠤᠯᠬᠤ ᠶᠢ ᠵᠡᠷᠭᠡᠪᠡᠷ ᠠᠳᠬᠤᠬᠤ ᠠᠷᠭ᠎ᠠ ᠬᠢᠳᠡᠯ ᠢ ᠭᠦᠶᠴᠡᠳ ᠨᠤᠲᠠᠯᠠᠪᠠ᠃ | ᠯᠣᠤ ᠨᠢᠤ ᠫᠦᠸᠧ ᠶᠢᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠳᠤ᠂ ᠸᠠᠩ ᠯᠢ ᠰᠢᠶᠠ ᠯᠣᠤ ᠨᠢᠤ | ᠫᠦᠸᠧ ᠶᠢᠨ ᠨᠠᠮ ᠤᠨ ᠡᠭᠦᠷ ᠤᠨ ᠦᠵᠡᠭᠦᠯᠭᠡ ᠶᠢᠨ ᠣᠷᠳᠣᠨ᠂ ᠬᠠᠭᠤᠴᠢᠨ ᠪᠠᠭᠤᠷᠢ ᠶᠢ ᠲᠣᠭᠤᠷᠢᠨ ᠦᠵᠡᠵᠦ᠂ | ᠯᠣᠤ ᠨᠢᠤ ᠫᠦᠸᠧ ᠶᠢᠨ ᠶᠠᠫᠣᠨ ᠢ ᠡᠰᠡᠷᠭᠦᠴᠡᠬᠦ ᠳᠠᠶᠢᠨ ᠤ ᠺᠢᠨᠣ᠋ ᠲᠧᠯᠸᠢᠰ ᠤᠨ ᠹᠢᠯᠢᠮ ᠢ ᠦᠵᠡᠵᠦ᠂ ᠬᠤᠪᠢᠰᠬᠠᠯ | ᠤᠨ ᠤᠬᠢᠶᠠᠯ ᠬᠦᠷᠲᠡᠭᠡᠵᠦ᠂ ᠯᠣᠤ ᠨᠢᠤ ᠫᠦᠸᠧ ᠶᠢᠨ ᠵᠣᠷᠢᠭ ᠰᠠᠨᠠᠭ᠎ᠠ ᠶᠢ ᠳᠠᠬᠢᠨ ᠡᠷᠭᠢᠴᠡᠭᠦᠯᠪᠡ᠃ ᠲᠡᠷᠡ᠂ ᠯᠣᠤ | ᠨᠢᠤ ᠫᠦᠸᠧ ᠶᠢᠨ ᠬᠤᠪᠢᠰᠬᠠᠯ ᠤᠨ ᠲᠡᠦᠬᠡ ᠶᠢ ᠲᠤᠬᠠᠶ ᠶᠢᠨ ᠭᠠᠵᠠᠷ ᠲᠤᠨᠢ ᠣᠢᠯᠠᠭᠠᠬᠤ ᠪᠠᠷ ᠳᠠᠮᠵᠢᠨ᠂ ᠬᠤᠪᠢᠰᠬᠠᠯ | ᠤᠨ ᠠᠬᠠᠮᠠᠳ ᠦᠶ᠎ᠡ ᠶᠢᠨ ᠬᠢᠨ ᠤ ᠨᠢᠭᠡ ᠰᠡᠳᠬᠢᠯ ᠢᠶᠠᠷ ᠨᠠᠮ ᠪᠣᠯᠤᠨ ᠨᠠᠮ ᠤᠨ ᠲᠥᠯᠥᠭᠡ ᠲᠡᠮᠡᠴᠡᠬᠦ ᠬᠤᠪᠢᠰᠬᠠᠯᠲᠤ | ᠵᠣᠷᠢᠭ ᠰᠠᠨᠠᠭ᠎ᠠ ᠶᠢ ᠭᠦᠨᠵᠡᠭᠡᠶ ᠣᠶᠢᠯᠭᠠᠵᠤ᠂ ᠪᠢᠳᠡ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠲᠡᠢᠦᠬᠡᠲᠦ ᠡᠭᠦᠷᠭᠡ ᠶᠢ ᠪᠡᠶᠡᠯᠡᠭᠦᠯᠬᠦ | ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ᠂ ᠴᠠᠩ ᠫᠧᠢ ᠵᠥᠩ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ |