2019 ᠤᠨ ᠤ ᠪᠦᠬᠦ ᠤᠷᠤᠨ ᠤ ᠶᠡᠭᠡ ᠲᠡᠭᠡᠲᠦ ᠰᠤᠷᠭᠠᠭᠤᠯᠢ ᠶᠢᠨ ︽ᠵᠠᠭᠤᠨ ᠲᠠᠯᠠᠪᠤᠷ ᠴᠠᠬ ᠤᠨ ᠪᠠᠶᠢᠲᠠᠯ ᠲᠦᠷᠦ ᠶᠢᠨ  ᠪᠤᠲᠤᠯᠭ᠎ᠠ ᠶᠢᠨ ᠮᠡᠲᠡᠭᠦᠯᠦᠯᠲᠡ ᠶᠢᠨ ᠬᠤᠷᠠᠯ︾ ᠦᠪᠦᠷ ᠮᠤᠩᠭᠤᠯ ᠤᠨ ᠤᠷᠠᠯᠢᠭ ᠤᠨ ᠲᠡᠭᠡᠲᠦ ᠰᠤᠷᠭᠠᠭᠤᠯᠢ ᠳᠤ ᠶᠠᠪᠤᠭᠲᠠᠵᠠᠢ
ᠨᠡᠶᠢᠲᠡᠯᠡᠭᠰᠡᠨ ᠴᠠᠭ᠄
2019-09-20
     9 ᠰᠠᠷ᠎ᠠ ᠶᠢᠨ 18 ᠤ ᠡᠲᠦᠷ᠂ ︽ᠦᠵᠡᠰᠭᠦᠯᠡᠩᠳᠤ ᠰᠠᠶᠢᠬᠠᠠ ᠦᠪᠦᠷ ᠮᠤᠩᠭᠤᠯ ᠢ ᠪᠦᠲᠦᠭᠡᠡ ᠪᠠᠶᠢᠭᠤᠯᠵᠦ᠂ ᠠᠭᠤᠤ‌‍ᠶᠡᠭᠡ ᠲᠤᠮᠲᠠᠲᠤ ᠶᠢᠨ ᠵᠡᠭᠦᠲᠦ ᠪᠠᠨ ᠬᠠᠮᠲᠤ ᠪᠠᠷ ᠲᠡᠷᠭᠡᠯᠰᠢᠭᠦᠯᠬᠦ︾ ᠭᠡᠬᠦ 2019 ᠤᠨ ᠤ  ᠪᠦᠬᠦ  ᠤᠷᠤᠨ ᠤ  ᠶᠡᠭᠡ  ᠲᠡᠭᠡᠲᠦ‌‍ᠰᠤᠷᠭᠠᠭᠤᠯᠢ ᠶᠢᠨ ︽ᠵᠠᠭᠤᠨ ᠲᠠᠯᠠᠪᠤᠷ ᠴᠠᠬ ᠤᠨ ᠪᠠᠶᠢᠲᠠᠯ ᠲᠦᠷᠦ ᠶᠢᠨ ᠪᠤᠲᠤᠯᠭ᠎ᠠ ᠶᠢᠨ ᠮᠡᠲᠡᠭᠦᠯᠦᠯᠲᠡ ᠶᠢᠨ  ᠬᠤᠷᠠᠯ︾  ᠦᠪᠦᠷ‌ᠮᠤᠩᠭᠤᠯ ᠤᠨ ᠤᠷᠠᠯᠢᠭ ᠤᠨ ᠲᠡᠭᠡᠲᠦ ᠰᠤᠷᠭᠠᠭᠤᠯᠢ ᠳᠤ ᠶᠠᠪᠤᠭᠲᠠᠵᠠᠢ᠃              ᠦᠪᠡᠷᠲᠡᠭᠡᠡ ᠵᠠᠰᠠᠬᠤ ᠤᠷᠤᠨ ᠤ ᠨᠠᠮ ᠤᠨ  ᠬᠤᠷᠢᠶᠠᠠ ᠤ  ᠪᠠᠶᠢᠩᠭᠤ ᠶᠢᠨ  ᠭᠡᠰᠢᠭᠦᠨ᠂  ᠤᠬᠠᠭᠤᠯᠬᠤ  ᠬᠡᠯᠲᠡᠰ ‍ᠤᠨ‌‍ᠲ᠋ᠠᠷᠤᠭ᠎ᠠ ᠪᠠᠢ ᠢᠤᠢ ᠭᠠᠩ  ᠦᠪᠦᠷ  ᠮᠤᠩᠭᠤᠯ ᠤᠨ  ᠤᠷᠠᠯᠢᠭ ᠤᠨ  ᠲᠡᠭᠡᠲᠦ  ᠰᠤᠷᠭᠠᠭᠤᠯᠢ ᠶᠢᠨ  ᠪᠠᠭᠰᠢ  ᠰᠤᠷᠤᠭᠴᠢᠳ ᠲᠤ︽ᠬᠦᠴᠤᠨ ᠢᠶᠠᠨ ᠲᠦᠪᠯᠡᠷᠡᠭᠦᠯᠦᠨ ᠦᠨᠲᠦᠰᠦ ᠶᠢ ᠪᠤᠶᠢᠵᠢᠭᠤᠯᠵᠦ  ᠰᠦᠭ  ᠰᠦᠨᠡᠰᠦ ᠶᠢ  ᠱᠤᠭᠤᠵᠦ᠂  ᠤᠷᠠᠯᠢᠭ ᠤᠨ  ᠤᠷᠬᠢᠯ‌‍ᠲ᠋ᠡᠶᠢᠰᠢ ᠵᠤᠷᠢᠠᠠᠲᠠᠢ ᠠᠪᠠᠷᠢᠵᠦ᠂ ᠦᠨᠲᠦᠰᠦᠲᠡᠡ ᠤ ᠰᠡᠷᠭᠦᠨ ᠮᠠᠠᠲᠤᠯᠲᠠ ᠶᠢᠨ ᠲᠤᠮᠤ ᠡᠬᠦᠷᠭᠡ ᠶᠢ ᠡᠭᠦᠷᠭᠡᠯᠡᠬᠦ  ᠴᠠᠭ  ᠦᠶ᠎ᠠ ᠵᠢᠨ‌‍ᠰᠢᠨ᠎ᠠ ᠴᠢᠳᠠᠪᠤᠷᠢᠳᠠᠨ ᠪᠤᠯᠬᠤ ᠪᠠᠷ ᠴᠢᠷᠮᠠᠶᠢᠰᠤᠭᠠᠢ︾ ᠭᠡᠬᠦ ᠰᠡᠲᠦᠪ ᠢᠶᠠᠷ ᠮᠡᠲᠡᠭᠦᠯᠦᠯᠲᠡ ᠬᠢᠵᠠᠢ᠃              ᠪᠠᠢ ᠢᠤᠢ ᠭᠠᠩ ᠤᠲᠤᠬᠠᠠ ᠤ ᠤᠯᠠᠠ ᠤᠯᠤᠰ ᠪᠠ ᠤᠯᠤᠰ ᠤᠨ  ᠲᠤᠲᠤᠭᠠᠲᠤ ᠶᠢᠨ  ᠤᠷᠤᠨ ᠤ  ᠲᠤᠲᠤᠭᠠᠲᠤ ᠵᠢᠨ‌ᠭᠤᠤᠯ ᠪᠠᠶᠢᠲᠠᠯ ᠳᠤ ᠬᠦᠨᠵᠡᠭᠡᠢ ᠵᠠᠲᠠᠯᠤᠯᠲᠠ ᠬᠢᠵᠦ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ  ᠠᠵᠢᠯ ‍ᠤᠨ‌‍ᠲ᠋ᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠤᠯᠤᠨ ᠤᠳᠬ᠎ᠠ ᠤᠷᠠᠯᠢᠭ ᠤᠨ ᠠᠵᠢᠯ ᠳ᠋ᠠᠬᠢ‌‍ᠪᠠᠶᠢᠷᠢᠯᠠᠭᠤᠯᠤᠯᠲᠠ  ᠱᠠᠭᠠᠷᠲᠠᠯᠭ᠎ᠠ ᠶᠢ  ᠬᠦᠠᠵᠡᠭᠡᠢ  ᠲᠤᠲᠤᠷᠬᠠᠢᠢᠯᠠᠠ  ᠲᠠᠶᠢᠯᠪᠤᠷᠢᠯᠠᠵᠦ᠂  ᠲᠦᠯᠦᠪᠵᠢᠭᠦᠯᠭᠡ ᠶᠢᠨ   ᠪᠠᠶᠢᠷᠢᠰᠢᠯ᠂ᠤᠯᠠᠭᠠᠠᠮᠦ᠋ᠴᠢᠷ ᠤᠨ ᠪᠠᠶᠢᠭᠤᠯᠤᠯᠲᠠ᠂ ᠰᠤᠶᠤᠯ ᠤᠨ ᠦᠢᠯᠡᠰ  ᠪᠤᠯᠤᠨ  ᠰᠤᠶᠤᠯ ᠤᠨ  ᠠᠵᠦ  ᠦᠢᠯᠡᠰ᠂  ᠤᠳᠬ᠎ᠠ  ᠤᠷᠠᠯᠢᠭ‌‍ᠰᠤᠶᠤᠯ ᠤᠨ ᠴᠢᠲᠠᠪᠤᠷᠢᠲᠠᠠ ᠢ ᠰᠢᠯᠢᠬᠦ 4 ᠲᠠᠯ᠎ᠠ ᠪᠠᠷ ᠦᠪᠡᠷᠲᠡᠭᠡᠡ ᠵᠠᠰᠬᠠᠤ ᠤᠷᠤᠨ ᠤ ᠤᠳᠬ᠎ᠠ  ᠤᠷᠠᠯᠢᠭ ᠤᠨ  ᠴᠡᠴᠡᠭᠯᠡᠯᠲᠡ‌‍ᠬᠦ᠋ᠭᠵᠢᠯᠲᠠ ᠶᠢ ᠵᠤᠷᠢᠠᠠᠵᠢᠭᠤᠯᠤᠨ ᠲᠡᠮᠵᠢᠬᠦ ᠬᠤᠯᠪᠤᠭᠲᠠᠯ ᠪᠦᠬᠦᠢ ᠠᠰᠠᠭᠤᠲᠠᠯ ᠢ  ᠲᠠᠶᠢᠯᠪᠤᠷᠢᠯᠠᠵᠦ᠂  ᠦᠷᠭᠡᠡ  ᠤᠯᠠᠠ  ᠵᠠᠯᠠᠭᠤ‌‍ᠰᠤᠷᠤᠭᠴᠢᠳ ᠢ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠦᠵᠡᠭᠦᠯᠦᠭᠰᠡᠡ ᠬᠠᠶᠢᠷ᠎ᠠ ᠬᠠᠯᠠᠮᠵᠢ  ᠪᠠ  ᠬᠦᠨ‌‍ᠰᠡᠳᠭᠢᠯᠭᠡ ᠲᠠᠢ ᠬᠦᠰᠡᠯ ᠨᠠᠶᠢᠲᠠᠯᠭ᠎ᠠ ᠶᠢ ᠪᠠᠲᠤ  ᠴᠡᠭᠡᠵᠢᠯᠡᠵᠦ᠂  ᠰᠢ ᠶᠢᠨ  ᠫᠢᠩ ᠤᠨ  ᠰᠢᠨ᠎ᠠ  ᠴᠠᠭ  ᠦᠶ᠎ᠠ ᠶᠢᠨ  ᠲᠤᠮᠲᠠᠲᠤ‌ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ  ᠰᠤᠷᠤᠯᠴᠠᠠ  ᠤᠢᠢᠯᠠᠭᠠᠵᠦ  ᠨᠡᠪᠲᠡᠷᠡᠳᠠᠯ᠎ᠠ  ᠡᠵᠡᠮᠰᠢᠵᠦ‌‍ᠪᠤᠲᠠᠲᠠᠶᠢᠵᠢᠭᠤᠯᠵᠥ᠂ ᠮᠤᠩᠭᠤᠯ ᠮᠤᠷᠢᠨ ᠤ ᠵᠤᠷᠢᠭ ᠰᠠᠨᠠᠭ᠎ᠠ᠂ ᠤᠯᠠᠭᠠᠠᠮᠦ᠋ᠴᠢᠷ ᠤᠨ ᠵᠤᠷᠢᠭ ᠰᠠᠨᠠᠭ᠎ᠠ  ᠪᠤᠯᠤᠨ  ᠰᠠᠬᠢᠨ  ᠪᠠᠷᠠᠯᠠᠵᠦ‌ᠬᠠᠷᠢᠯᠴᠠᠠ ᠬᠠᠪᠰᠤᠷᠤᠯᠴᠠᠬᠤ ᠵᠤᠷᠢᠭ ᠰᠠᠨᠠᠭ᠎ᠠ ᠶᠢ ᠶᠡᠭᠡ ᠪᠠᠷ ᠪᠠᠲᠠᠷᠠᠭᠤᠯᠤᠨ᠂ ᠲᠡᠭᠦᠠ ᠢ  ᠦᠪᠦᠷ  ᠮᠤᠩᠭᠤᠯ ᠤᠨ  ᠤᠷᠠᠯᠢᠭ ‍ᠤᠨ‌‍ᠲ᠋ᠡᠭᠡᠲᠦ ᠰᠤᠷᠭᠠᠭᠤᠯᠢ ᠶᠢᠨ  ᠰᠤᠷᠤᠭᠴᠢᠳ ᠤᠨ  ᠵᠤᠷᠢᠭ  ᠰᠠᠨᠠᠭᠠᠠ ᠤ  ᠬᠡᠪ  ᠴᠢᠨᠠᠷ  ᠪᠤᠯᠭᠠᠠ᠂  ᠦᠨᠲᠦᠰᠦᠲᠡᠡ ᠤ  ᠰᠡᠷᠭᠦᠨ‌ᠮᠠᠠᠲᠤᠯᠲᠠ ᠶᠢᠨ ᠲᠤᠮᠤ ᠡᠬᠦᠷᠭᠡ ᠶᠢ ᠡᠬᠦᠷᠭᠡᠯᠡᠬᠦ ᠴᠠᠭ ᠦᠶ᠎ᠠ ᠶᠢᠨ ᠰᠢᠨ᠎ᠠ  ᠴᠢᠳᠠᠪᠤᠷᠢᠳᠠᠨ  ᠪᠤᠯᠬᠤ ᠪᠠᠷ  ᠴᠢᠷᠮᠠᠶᠢᠰᠤᠭᠠᠢ  ᠭᠡᠵᠦ ᠵᠠᠬᠢᠭᠰᠠᠠ ᠪᠠᠶᠢᠨ᠎ᠠ᠃              ᠦᠪᠦᠷ ᠮᠤᠩᠭᠤᠯ ᠤᠨ ᠤᠷᠠᠯᠢᠭ ᠤᠨ ᠲᠡᠭᠡᠲᠦ ᠰᠤᠷᠭᠠᠭᠤᠯᠢ ᠶᠢᠨ 500 ᠭᠠᠷᠤᠢ  ᠪᠠᠭᠰᠢ  ᠰᠤᠷᠤᠭᠴᠢ  ᠲᠤᠬᠠᠢ ᠵᠢᠨ‌‍ᠲ᠋ᠠᠯᠠᠪᠠᠢ ᠳᠤ ᠮᠡᠲᠡᠭᠦᠯᠦᠯᠲᠡ ᠶᠢ ᠰᠤᠨᠤᠰᠴᠠᠢ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号