ᠰᠢᠨ᠎ᠡ ᠬᠤᠲᠠ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠲᠥᠯᠥᠭᠡᠯᠡᠭᠴᠢᠳ ᠤᠨ ᠠᠩᠭᠢ ᠬᠦᠬᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠤ ︽ᠪᠡᠶ᠎ᠡ ᠲᠠᠮᠢᠷ ᠤᠨ ᠱᠠᠩᠨᠠᠯᠲᠤ ᠬᠤᠨᠳᠠᠭᠠᠲᠤ ᠤᠷᠤᠯᠳᠣᠭᠠᠨ︾ ᠠᠭᠤᠳᠠᠮ ᠲᠠᠯᠠᠪᠠᠢ ᠶᠢᠨ ᠪᠡᠶ᠎ᠡ ᠴᠢᠭᠢᠷᠠᠭᠵᠢᠭᠤᠯᠬᠤ ᠲᠠᠮᠢᠷ ︵ᠪᠥᠵᠢᠭ︶ ᠤᠨ ᠤᠷᠤᠯᠳᠤᠭᠠᠨ ᠤ ᠭᠤᠷᠪᠠᠳᠤᠭᠠᠷ ᠨᠡᠷᠡᠰ ᠢ ᠬᠦᠷᠲᠡᠪᠡ
ᠨᠡᠶᠢᠲᠡᠯᠡᠭᠰᠡᠨ ᠴᠠᠭ᠄
2019-09-24
     9 ᠳ᠋ᠦ᠋ᠭᠡᠷ ᠰᠠᠷ᠎ᠠ ᠶᠢᠨ 20 ᠤ ᠦᠳᠡ ᠶᠢᠨ ᠡᠮᠦᠨ᠎ᠡ᠂ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠭᠤᠤᠯᠯᠠᠨ ᠡᠷᠬᠢᠯᠡᠵᠦ᠂ ᠬᠦᠡᠬᠡᠬᠤᠲᠠ ᠶᠢᠨ ᠪᠡᠶ᠎ᠡ ᠲᠠᠮᠢᠷ ᠤᠨ ᠲᠣᠪᠴᠢᠶ᠎ᠠ ᠠᠴᠠ ᠳᠠᠭᠠᠭᠠᠨ ᠡᠷᠬᠢᠯᠡᠭᠰᠡᠨ ᠬᠦᠬᠡᠬᠤᠲᠠ ᠶᠢᠨ ᠪᠡᠶ᠎ᠡ ᠲᠠᠮᠢᠷ ᠤᠨ ᠴᠤᠭᠯᠠᠭᠠᠨ ᠤ ︽ᠪᠡᠶ᠎ᠡ ᠲᠠᠮᠢᠷ ᠤᠨ ᠱᠠᠩᠨᠠᠯᠲᠤ ᠬᠤᠨᠳᠠᠭᠠᠲᠤ ᠤᠷᠤᠯᠳᠣᠭᠠᠨ︾ ᠠᠵᠢᠯ ᠤᠨ ᠵᠠᠪᠰᠠᠷᠯᠠᠭ᠎ᠠ ᠶᠢᠨ ᠲᠠᠮᠢᠷ ᠵᠢᠴᠢ ᠠᠭᠤᠳᠠᠮ ᠲᠠᠯᠠᠪᠠᠢ ᠶᠢᠨ ᠪᠡᠶ᠎ᠡ ᠴᠢᠭᠢᠷᠠᠭᠵᠢᠭᠤᠯᠬᠤ ᠲᠠᠮᠢᠷ ︵ᠪᠥᠵᠢᠭ︶ ᠤᠨ ᠤᠷᠤᠯᠳᠤᠭᠠᠨ ᠬᠦᠬᠡᠬᠤᠲᠠ ᠶᠢᠨ ᠫᠢᠩᠫᠥᠩ ᠪᠥᠮᠪᠦᠭᠡ ᠶᠢᠨ ᠲᠥᠪ ᠲᠤ ᠬᠦᠷ ᠬᠦᠭᠵᠢᠶᠡᠨ ᠲᠠᠢ ᠡᠬᠢᠯᠡᠪᠡ᠃ ᠬᠦᠬᠡᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ 9 ᠰᠠᠯᠪᠤᠷᠢ ᠤᠷᠤᠯᠳᠤᠭᠠᠨ ᠳᠤ ᠤᠷᠤᠯᠴᠠᠭᠰᠠᠨ ᠠᠩᠭᠢ ᠬᠤᠷᠴᠠ ᠰᠢᠷᠦᠭᠦᠨ ᠥᠷᠢᠰᠥᠯᠳᠦᠭᠡᠨ ᠶᠠᠪᠤᠭᠤᠯᠪᠠ᠃      ᠰᠢᠨ᠎ᠡ ᠬᠤᠲᠠ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ 15 ᠭᠡᠰᠢᠭᠦᠳ ᠢᠶᠠᠷ ᠪᠦᠷᠢᠯᠳᠦᠭᠰᠡᠨ ᠰᠢᠨ᠎ᠡ ᠬᠤᠲᠠ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠲᠥᠯᠥᠭᠡᠯᠡᠭᠴᠢᠳ ᠤᠨ ᠠᠩᠭᠢ  ᠰᠢᠨ᠎ᠡ ᠬᠤᠲᠠ ᠲᠣᠭᠤᠷᠢᠭ ᠢ ᠲᠥᠯᠥᠭᠡᠯᠡᠨ ᠲᠣᠰ ᠤᠳᠠᠭᠠᠨ ᠤ ᠤᠷᠤᠯᠳᠤᠭᠤᠨ ᠳᠤ ᠣᠷᠣᠯᠴᠠᠪᠠ᠃ ᠠᠩᠭᠢ ᠶᠢᠨ ᠭᠡᠰᠢᠭᠦᠳ ᠤᠷᠤᠯᠳᠤᠭᠠᠨ ᠳᠤ ᠬᠢᠷᠢ ᠪᠦᠲᠦᠮᠵᠢ ᠠᠴᠠ ᠪᠠᠨ ᠲᠡᠭᠡᠬᠦᠷ ᠪᠠᠳᠠᠷᠠᠭᠤᠯᠵᠤ᠂ ᠨᠠᠷᠢᠨ ᠨᠢᠭᠲᠠ ᠮᠡᠷᠭᠡᠵᠢᠯ ᠪᠠ ᠭᠠᠷᠮᠠᠭᠠᠶ ᠢᠯᠡᠷᠡᠯ ᠢᠶᠠᠷ ᠪᠦᠭᠦᠳᠡ ᠶᠢᠨ ᠮᠠᠭᠲᠠᠭᠠᠯ ᠢ ᠣᠯᠪᠠ ᠂ ᠡᠴᠦᠰ ᠲᠡᠭᠡᠨ 9.00 ᠬᠤᠪᠢ ᠶᠢᠨ ᠥᠨᠳᠥᠷ ᠬᠤᠪᠢ ᠪᠠᠷ ᠭᠤᠷᠪᠠᠳᠤᠭᠠᠷ ᠨᠡᠷᠡᠰ ᠢ ᠣᠯᠵᠠᠶ᠃      ᠰᠢᠯᠢᠳᠡᠭ ᠪᠦᠲᠦᠮᠵᠢ ᠶᠢ ᠣᠯᠬᠤ ᠳᠤ ᠭᠡᠰᠢᠭᠦᠳ ᠤᠨ ᠬᠠᠲᠠᠭᠤᠵᠢᠯᠲᠠᠶ ᠪᠣᠯᠪᠠᠰᠤᠷᠠᠯ ᠠᠴᠠ ᠰᠠᠯᠵᠤ ᠴᠢᠳᠠᠬᠤ ᠦᠭᠡᠢ ᠶᠤᠮ᠃ ᠲᠣᠰ ᠬᠤᠭᠤᠴᠠᠭᠠᠨ ᠤ ᠬᠤᠲᠠ ᠶᠢᠨ ᠲᠠᠮᠢᠷ ᠤᠨ ᠴᠤᠭᠯᠠᠭᠠᠨ ᠤ ᠲᠥᠯᠥᠭᠡ᠂ ᠲᠠᠮᠢᠷᠴᠢᠳ ᠤᠬᠤᠷᠬᠠᠨ ᠲᠦᠪᠯᠡᠷᠡᠭᠦᠯᠦᠨ ᠪᠤᠯᠪᠠᠰᠣᠷᠠᠬᠤ ᠴᠠᠭ ᠲᠤ ᠪᠠᠶᠢᠳᠠᠯ ᠵᠶ᠋ᠠᠨ‌‍ᠲ᠋ᠦ᠋ᠷᠭᠡᠨ ᠲᠣᠬᠢᠷᠠᠭᠤᠯᠵᠤ᠂ ᠪᠣᠯᠪᠠᠰᠤᠷᠠᠯ ᠳᠤ ᠢᠳᠡᠪᠬᠢᠲᠡᠢ ᠣᠷᠣᠯᠴᠠᠵᠤ᠂ ᠰᠡᠳᠭᠢᠯ ᠨᠢᠭᠡᠳᠦᠨ ᠭᠦᠴᠦ ᠬᠠᠮᠳᠤᠳᠬᠠᠵᠤ ᠲᠣᠰ ᠤᠳᠠᠭᠠᠨ ᠤ ᠤᠷᠤᠯᠳᠤᠭᠤᠨ ᠳᠤ ᠪᠡᠯᠡᠳᠭᠡᠯ ᠬᠢᠪᠡ᠃      ᠲᠣᠰ ᠤᠳᠠᠭᠠᠨ ᠤ ᠤᠷᠤᠯᠳᠤᠭᠠᠨ ᠨᠢ ᠪᠠᠰᠠ ᠮᠠᠨ ᠤ ᠣᠷᠣᠨ ᠤ ᠲᠠᠮᠢᠷᠴᠢᠳ ᠲᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠤᠮᠤᠭ ᠰᠦᠷ ᠢ ᠵᠤᠷᠢᠭᠵᠢᠭᠤᠯᠵᠤ᠂ ᠰᠢᠨ᠎ᠡ ᠬᠤᠲᠠ ᠶᠢᠨ ᠲᠣᠭᠤᠷᠢᠭ ᠤᠨ ᠲᠠᠮᠢᠷᠴᠢᠳ ᠬᠦᠬᠡᠬᠤᠲᠠ ᠶᠢᠨ ᠪᠡᠶ᠎ᠡ ᠲᠠᠮᠢᠷ ᠤᠨ ᠴᠤᠭᠯᠠᠭᠠᠨ ᠤ ᠡᠯ᠎ᠡ ᠵᠤᠶᠢᠯ ᠤᠨ ᠤᠷᠤᠯᠳᠤᠭᠤᠨ ᠳᠤ ᠴᠦᠬᠦᠷᠡᠰᠢ ᠦᠭᠡᠢ ᠲᠡᠮᠡᠴᠡᠵᠦ᠂ ᠰᠢᠯᠢᠳᠡᠭ ᠠᠮᠵᠢᠯᠲᠠ ᠣᠯᠬᠤ ᠶᠢ ᠢᠲᠡᠭᠡᠵᠦ ᠪᠠᠶᠢᠨ᠎ᠠ︕  
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号