ᠬᠤᠨᠢᠨ ᠤ ᠬᠠᠯᠳᠠᠪᠤᠷᠢᠲᠤ ᠴᠢᠨᠠᠷᠲᠤ ᠰᠠᠯᠢᠰᠤᠲᠤ ᠪᠦᠷᠬᠦᠪᠴᠢ ᠶᠢᠨ ᠦᠷᠪᠢᠰᠦᠯ ᠵᠢᠴᠢ ᠲᠡᠭᠦᠨ ᠤ ᠰᠡᠷᠭᠡᠶᠢᠯᠡᠯᠲᠡ
ᠨᠡᠶᠢᠲᠡᠯᠡᠭᠰᠡᠨ ᠴᠠᠭ᠄
2019-09-24
      ᠬᠤᠨᠢᠨ ᠤ ᠬᠠᠯᠳᠠᠪᠤᠷᠢᠲᠤ ᠴᠢᠨᠠᠷᠲᠤ ᠰᠠᠯᠢᠰᠤᠲᠤ ᠪᠦᠷᠬᠦᠪᠴᠢ ᠶᠢᠨ ᠦᠷᠪᠢᠰᠦᠯ ᠢ ᠪᠠᠰᠠ ᠨᠢᠳᠦ ᠤᠯᠠᠶᠢᠬᠤ ᠡᠪᠡᠳᠴᠢᠨ ᠭᠡᠳᠡᠭ᠂ ᠣᠯᠠᠨ ᠵᠦᠢᠯ ᠤᠨ ᠰᠢᠯᠲᠠᠭᠠᠨ ᠠᠴᠠ ᠴᠥᠮ ᠡᠭᠦᠰᠴᠦ ᠮᠡᠳᠡᠬᠦ ᠬᠤᠨᠢᠨ ᠤ ᠰᠠᠯᠢᠰᠤᠲᠤ ᠪᠦᠷᠬᠦᠪᠴᠢ ᠨᠢ ᠦᠷᠪᠢᠰᠬᠦ ᠬᠠᠯᠳᠠᠪᠤᠷᠢᠲᠤ ᠡᠪᠡᠳᠴᠢᠨ᠃ ᠭᠤᠣᠯ ᠢᠯᠡᠷᠡᠯ ᠨᠢ ᠨᠢᠳᠦᠨ ᠤ ᠰᠠᠯᠢᠰᠤᠲᠤ ᠪᠦᠷᠬᠦᠪᠴᠢ  ᠨᠢ ᠦᠷᠪᠢᠰᠦᠯ ᠲᠠᠢ᠂ ᠴᠢᠬᠢᠭᠲᠦᠨ ᠤᠯᠠᠶᠢᠬᠤ᠂ ᠶᠡᠭᠡ ᠬᠡᠮᠵᠢᠶ᠎ᠡ ᠪᠠᠷ ᠨᠢᠯᠪᠤᠰᠤ ᠭᠤᠭᠤᠵᠢᠬᠤ᠂ ᠬᠦᠨᠳᠦ ᠨᠣᠴᠢᠲᠠᠢ ᠦᠶ᠎ᠡ ᠳᠤ ᠰᠠᠯᠢᠰᠤᠲᠤ ᠪᠦᠷᠬᠦᠪᠴᠢ ᠨᠢ ᠪᠤᠯᠠᠩᠭᠢᠷᠲᠤᠬᠤ ᠪᠤᠶᠤ ᠴᠢᠨᠠᠭᠰᠢᠯᠠᠪᠠᠯ ᠰᠢᠷᠬᠠᠯᠠᠭ᠎ᠠ ᠪᠣᠯᠣᠨ᠎ᠠ᠃ ᠬᠠᠪᠤᠷ ᠨᠠᠮᠤᠷ ᠤᠨ ᠤᠯᠠᠷᠢᠯ ᠳᠤ ᠣᠯᠠᠨ ᠡᠭᠦᠰᠳᠡᠭ᠃ ᠲᠤᠰ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠨ ᠵᠠᠰᠠᠪᠠᠯ ᠬᠠᠮᠤᠭ ᠰᠠᠶᠢᠨ᠃ ᠡᠪᠡᠳᠴᠢᠨ ᠤ ᠪᠠᠶᠢᠳᠠᠯ ᠬᠥᠩᠭᠡᠨ ᠰᠢᠭ ᠢ ᠨᠢ ᠨᠡᠷᠡᠮᠡᠯ ᠤᠰᠤᠨ ᠳᠤ 10 ᠲᠦᠮᠡᠨ ᠳᠡᠯᠡᠬᠡᠢ ᠨᠡᠶᠢᠲᠡ ᠶᠢᠨ ᠨᠢᠭᠡᠴᠢ ᠴᠢᠩ ᠮᠧᠢ ᠰᠤ᠋ ᠶᠢᠨ ᠨᠠᠲᠷᠢ ᠶᠢ ᠠᠭᠤᠰᠬᠠᠨ ᠨᠢᠳᠦᠨ ᠡᠮ ᠨᠠᠶᠢᠷᠠᠭᠤᠯᠵᠤ᠂ ᠡᠪᠡᠳᠴᠢᠲᠡᠢ ᠬᠤᠨᠢᠨ ᠤ ᠨᠢᠳᠦᠨ ᠳᠤ ᠳᠤᠰᠤᠭᠠᠨ ᠡᠮᠴᠢᠯᠡᠨ᠎ᠡ᠂ ᠡᠳᠦᠷ ᠪᠦᠷᠢ 2 ᠤᠳᠠᠭ᠎ᠠ᠃ ᠡᠭᠦᠨ ᠤ ᠬᠠᠮᠲᠤ ᠲᠡᠵᠢᠭᠡᠯ ᠪᠣᠷᠳᠣᠭᠠᠨ ᠳᠤᠨᠢ ᠯᠦᠩ ᠳ᠋ᠠᠨ ᠰᠢᠶᠧ ᠭᠠᠨ ᠰᠠᠨ ᠨᠡᠮᠡᠵᠦ ᠬᠠᠪᠰᠤᠷᠭᠠᠨ ᠡᠮᠴᠢᠯᠡᠨ᠎ᠡ᠂ ᠬᠤᠨᠢ ᠪᠦᠷᠢ 30 - 50g᠂ ᠦᠷᠭᠦᠯᠵᠢᠯᠡᠨ 3 - 5 ᠡᠳᠦᠷ ᠬᠡᠷᠡᠭᠯᠡᠨ᠎ᠡ᠃ ᠪᠦᠬᠦ ᠪᠡᠶ᠎ᠡ ᠶᠢᠨ ᠡᠪᠡᠳᠴᠢᠨ ᠤ ᠢᠯᠡᠷᠡᠯ ᠭᠠᠷᠤᠭᠰᠠᠨ ᠬᠤᠨᠢ ᠶᠢᠨ ᠪᠣᠯᠴᠢᠩ ᠳᠤᠨᠢ ᠱᠤᠸᠠᠩ ᠬᠤᠸᠠᠩ ᠯᠢᠶᠠᠨ ᠲᠠᠷᠢᠯᠭ᠎ᠠ ᠶᠢᠨ ᠰᠢᠩᠭᠡᠨ 10ml᠂ ᠲᠧᠥ ᠪᠦᠦ ᠰᠠᠢ ᠹᠦ᠋ ᠨᠠ 0.2 - 0.5g ᠲᠠᠷᠢᠵᠤ ᠡᠮᠨᠡᠨ ᠵᠠᠰᠠᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号