ᠣᠯᠣᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠴᠠᠭᠠᠨ ᠰᠣᠳᠣᠯᠬᠤ ᠳᠣᠭᠤᠶᠢᠯᠠᠩ ᠤᠨ ᠬᠢᠨ ᠬᠤᠷᠢᠨᠭᠡᠷ ᠰᠢᠶᠠᠨ ᠳᠤ ᠬᠦᠷᠴᠦ ᠠᠵᠣ ᠠᠬᠤᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2019-09-25
     9 ᠳ᠋ᠦ᠋ᠭᠡᠷ ᠰᠠᠷ᠎ᠠ ᠶᠢᠨ19 ᠤ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠶᠡᠷᠦᠩᠬᠡᠢ ᠪᠦᠷᠢᠳᠬᠡᠭᠴᠢ ᠽᠧᠩ ᠢᠦᠢ ᠫᠢᠩ ᠪᠠᠶᠢᠴᠠᠭᠠᠨ ᠰᠣᠳᠣᠯᠬᠤ ᠳᠣᠭᠤᠶᠢᠯᠠᠩ ᠳᠠᠭᠠᠭᠤᠯᠣᠨ ᠮᠠᠨ ᠤ ᠰᠢᠶᠠᠨ ᠤ ᠠᠵᠣ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠠᠵᠣ ᠠᠬᠤᠢ ᠶᠢᠨ ᠠᠵᠢᠯᠯᠠᠭᠠᠨ ᠤ ᠪᠠᠶᠢᠳᠠᠯ ᠳᠤ ᠲᠣᠬᠠᠢ ᠶᠢᠨ ᠭᠠᠵᠠᠷ ᠲᠤᠨᠢ ᠪᠠᠶᠢᠴᠠᠭᠠᠨ ᠰᠣᠳᠣᠯᠣᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠣᠪᠴᠢᠶᠠᠨ ᠳᠡᠳ᠋ ᠳᠠᠷᠤᠭ᠎ᠠ ᠰᠢᠶᠠ ᠷᠦᠩ ᠬᠤᠸᠠ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠰᠦᠨ ᠳ᠋ᠧ᠂ ᠲᠣᠪᠴᠢᠶᠠᠨ ᠳᠡᠳ᠋ ᠳᠠᠷᠤᠭ᠎ᠠ ᠯᠢ ᠹᠧᠩ ᠰᠢᠶᠠᠨ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠵᠠᠩ ᠯᠢᠨ ᠯᠢᠨ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠳ ᠪᠠᠷ᠎ᠠ ᠪᠣᠯᠣᠨ ᠪᠠᠶᠢᠴᠠᠭᠠᠨ ᠰᠣᠳᠣᠯᠣᠯᠲᠠ ᠬᠢᠪᠡ᠃      ᠪᠠᠶᠢᠴᠠᠭᠠᠨ ᠰᠣᠳᠣᠯᠬᠤ ᠳᠣᠭᠤᠶᠢᠯᠠᠩ ᠤᠨ ᠬᠢᠨ ᠣᠷᠢᠳ ᠬᠤᠵᠢᠳ ᠮᠧᠩ ᠨᠢᠦ ᠰᠦ ᠰᠠᠭᠠᠯᠢ ᠶᠢᠨ ᠦᠢᠯᠡᠰ ᠤᠨ ᠵᠢᠷᠭᠤᠳᠣᠭᠠᠷ ᠬᠤᠭᠤᠴᠠᠭ᠎ᠠ ᠪᠣᠯᠣᠨ ᠳᠣᠮᠳᠠᠳᠣ ᠣᠯᠣᠰ ᠤᠨ ᠴᠠᠬᠢᠯᠭᠠᠨ ᠬᠤᠯᠪᠣᠭ᠎ᠠ ᠶᠢᠨ ᠡᠭᠦᠯᠡᠨ ᠪᠣᠳᠣᠯᠳᠠ ᠶᠢᠨ ᠥᠪᠥᠷ ᠮᠣᠩᠭᠤᠯ ᠤᠨ ᠮᠡᠳᠡᠭᠡ ᠵᠠᠩᠭᠢ ᠶᠢᠨ ᠬᠦᠷᠢᠶᠡᠯᠡᠩ ᠳᠤ ᠭᠦᠨᠵᠡᠭᠡᠶᠢᠷᠡᠵᠦ᠂ ᠠᠵᠣ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ᠂ ᠠᠵᠣ ᠠᠬᠤᠶᠢᠯᠠᠯ ᠤᠨ ᠦᠢᠯᠡᠳᠪᠦᠷᠢᠯᠡᠵᠦ ᠪᠠᠶᠢᠭ᠎ᠠ ᠲᠠᠰᠤᠭ ᠢ ᠲᠣᠭᠤᠷᠢᠨ ᠦᠵᠡᠵᠦ᠂ ᠣᠴᠢᠬᠤ ᠭᠠᠵᠠᠷ ᠪᠣᠯᠭᠠᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠠᠵᠣ ᠠᠬᠤᠶᠢᠯᠠᠯ ᠤᠨ ᠠᠵᠣ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠠᠵᠣ ᠠᠬᠤᠶᠢᠯᠠᠯ ᠤᠨ ᠡᠵᠡᠩᠨᠡᠯᠲᠡ ᠶᠢᠨ ᠵᠠᠭᠪᠣᠷ᠂ ᠦᠢᠯᠡᠳᠪᠦᠷᠢᠯᠡᠯ ᠬᠦᠭᠵᠢᠯᠲᠡ ᠶᠢᠨ ᠪᠠᠶᠢᠳᠠᠯ᠂ ᠲᠤᠭ᠎ᠠ ᠪᠦᠷᠢᠳᠬᠡᠯ ᠤᠨ ᠦᠨᠳᠦᠰᠦᠨ ᠠᠵᠢᠯ ᠤᠨ ᠲᠠᠨᠢᠯᠴᠠᠭᠤᠯᠭ᠎ᠠ ᠶᠢ ᠨᠠᠷᠢᠯᠢᠭ ᠣᠶᠢᠯᠠᠭᠠᠵᠤ᠂ ᠠᠵᠣ ᠠᠬᠤᠶᠢᠯᠠᠯ ᠤᠨ ᠬᠦᠭᠵᠢᠯᠲᠡ ᠶᠢᠨ ᠣᠳᠣᠬᠠᠨ ᠤ ᠪᠠᠶᠢᠳᠠᠯ ᠤᠨ ᠲᠣᠬᠠᠢ ᠬᠤᠯᠪᠣᠭᠳᠠᠯ ᠪᠦᠬᠦᠢ ᠬᠦᠮᠦᠰ ᠲᠠᠢ ᠭᠦᠨᠵᠡᠭᠡᠢ ᠰᠠᠨᠠᠯ ᠢᠶᠠᠨ ᠰᠣᠯᠢᠯᠴᠠᠪᠠ᠃      ᠪᠠᠶᠢᠴᠠᠭᠠᠨ ᠰᠣᠳᠣᠯᠣᠯᠲᠠ ᠪᠠᠷ ᠳᠠᠮᠵᠢᠵᠤ᠂ ᠪᠠᠶᠢᠴᠠᠭᠠᠨ ᠰᠣᠳᠣᠯᠬᠤ ᠳᠣᠭᠤᠶᠢᠯᠠᠩ ᠨᠢ ᠮᠠᠨ ᠤ ᠰᠢᠶᠠᠨ ᠤ ᠠᠵᠣ ᠠᠬᠤᠢ ᠶᠢᠨ ᠬᠦᠭᠵᠢᠯᠲᠡ ᠶᠢᠨ ᠪᠠᠶᠢᠳᠠᠯ ᠳᠤ ᠭᠦᠢᠴᠡᠳ ᠨᠣᠲᠠᠯᠠᠯᠲᠠ ᠥᠭᠴᠦ᠂ ᠬᠤᠲᠠ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢ ᠠᠵᠣ ᠠᠬᠤᠶᠢᠯᠠᠯ ᠳᠤ ᠦᠷᠭᠦᠯᠵᠢ ᠪᠠᠶᠢᠴᠠᠭᠠᠨ ᠰᠣᠳᠣᠯᠣᠯᠲᠠ ᠥᠷᠨᠢᠭᠦᠯᠬᠦ ᠬᠡᠷᠡᠭᠲᠡᠢ ᠭᠡᠵᠦ ᠱᠠᠭᠠᠷᠳᠠᠨ᠂ ᠠᠵᠣ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠲᠡᠷᠡ ᠳᠠᠷᠣᠢ ᠳᠤᠨᠢ ᠣᠶᠢᠯᠠᠭᠠᠵᠣ᠂ ᠴᠢᠨᠠᠷᠯᠢᠭ ᠲᠤᠭ᠎ᠠ ᠪᠦᠷᠢᠳᠬᠡᠯ ᠤᠨ ᠦᠢᠯᠡᠴᠢᠯᠡᠭᠡ ᠶᠢ ᠬᠠᠩᠭᠠᠬᠤ ᠶᠢᠨ ᠬᠠᠮᠲᠣ ᠬᠤᠷᠢᠨᠭᠡᠷ ᠰᠢᠶᠠᠨ ᠢ ᠡᠬᠢ ᠪᠠᠶᠠᠯᠢᠭ ᠤᠨ ᠳᠠᠪᠠᠭᠤᠯᠢᠭ ᠢᠶᠠᠨ ᠰᠠᠶᠢᠲᠣᠷ ᠪᠠᠳᠠᠷᠠᠭᠤᠯᠵᠣ᠂ ᠰᠢᠯᠢᠳᠡᠭ ᠰᠠᠶᠢᠨ ᠬᠦᠭᠵᠢᠯᠲᠡ ᠶᠢᠨ ᠪᠠᠶᠢᠳᠠᠯ ᠢᠶᠠᠨ ᠪᠠᠲᠣᠯᠠᠵᠣ᠂ ᠠᠵᠣ ᠦᠢᠯᠡᠰ ᠤᠨ ᠣᠷᠣᠭᠤᠯᠣᠯᠲᠠ ᠪᠠᠨ ᠨᠡᠮᠡᠭᠳᠡᠭᠦᠯᠵᠦ᠂ ᠪᠦᠬᠦ ᠠᠵᠣ ᠦᠢᠯᠡᠰ ᠤᠨ ᠬᠡᠯᠬᠢᠶᠡᠵᠢᠯ ᠤᠨ ᠠᠵᠣ ᠠᠬᠤᠢ ᠶᠢ ᠲᠠᠰᠣᠷᠠᠯᠲᠠ ᠦᠭᠡᠢ ᠪᠠᠶᠢᠭᠤᠯᠣᠨ ᠲᠡᠭᠦᠯᠳᠡᠷᠵᠢᠭᠦᠯᠵᠦ᠂ ᠠᠵᠣ ᠦᠢᠯᠡᠳᠪᠦᠷᠢ᠂ ᠦᠢᠯᠡᠴᠢᠯᠡᠭᠡᠨ ᠤ ᠦᠢᠯᠡᠰ ᠢ ᠦᠨᠳᠦᠷ ᠴᠢᠨᠰᠠᠭᠠᠲᠣ ᠬᠦᠭᠵᠢᠯᠲᠡ ᠵᠦᠭ ᠠᠯᠬᠤᠨ ᠣᠷᠣᠬᠤ ᠶᠢ ᠲᠦᠯᠬᠢᠨ ᠠᠬᠢᠭᠤᠯᠵᠣ᠂ ᠠᠵᠣ ᠠᠬᠤᠢ ᠨᠡᠶᠢᠭᠡᠮ ᠢ ᠨᠡᠩ ᠰᠠᠶᠢᠨ ᠨᠡᠩ ᠲᠦᠷᠭᠡᠨ ᠢᠶᠠᠷ ᠬᠦᠭᠵᠢᠭᠦᠯᠦᠨ ᠴᠢᠬᠤᠯᠠ ᠦᠢᠯᠡᠳᠦᠯ ᠢ ᠪᠠᠳᠠᠷᠠᠭᠤᠯᠬᠤ ᠶᠢ ᠪᠠᠲᠣᠯᠠᠬᠤ ᠬᠡᠷᠡᠭᠲᠡᠢ ᠭᠡᠵᠦ ᠬᠦᠰᠡᠭᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号