ᠰᠢᠨ᠎ᠡ ᠬᠤᠲᠠ ᠲᠣᠭᠤᠷᠢᠭ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠠᠬᠢᠭᠤᠯᠤᠭᠰᠠᠨ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2019-09-25
     9 ᠳ᠋ᠦ᠋ᠭᠡᠷ ᠰᠠᠷ᠎ᠠ ᠶᠢᠨ 19 ᠤ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠠᠬᠢᠭᠤᠯᠤᠭᠰᠠᠨ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠣᠭᠤᠯᠪᠠ᠂ ᠬᠤᠷᠠᠯ ᠠᠴᠠ ᠰᠢᠨ᠎ᠡ ᠬᠤᠲᠠ ᠲᠣᠭᠤᠷᠢᠭ ᠤᠨ 2019 ᠤᠨ ᠤ 1 — 8 ᠰᠠᠷ᠎ᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠡᠷᠡᠭᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠤ ᠬᠠᠮᠲᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢᠴᠢ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠡᠶ᠃
     ᠬᠤᠷᠠᠯ ᠠᠴᠠ ᠬᠦᠬᠡᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡ ᠵᠠᠩᠭᠢ ᠶᠢᠨ ᠭᠠᠵᠠᠷ ᠤᠨ ᠳᠠᠷᠤᠭ᠎ᠠ ᠰᠦᠨ ᠰᠧ ᠪᠢᠨ ᠢ ᠤᠷᠢᠵᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠰᠤᠷᠪᠤᠯᠵᠢᠯᠠᠨ ᠨᠠᠶᠢᠷᠠᠭᠤᠯᠬᠤ ᠳᠤᠮᠳᠠ ᠣᠷᠣᠰᠢᠵᠤ ᠪᠠᠶᠢᠭ᠎ᠠ ᠭᠤᠤᠯ ᠠᠰᠠᠭᠤᠳᠠᠯ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠰᠤᠷᠪᠤᠯᠵᠢᠯᠠᠨ ᠨᠠᠶᠢᠷᠠᠭᠤᠯᠬᠤ ᠬᠤᠯᠪᠣᠭᠳᠠᠯ ᠪᠦᠬᠦᠢ ᠦᠨᠳᠦᠰᠦᠯᠡᠯ ᠪᠠ ᠵᠢᠯᠣᠭᠤᠳᠬᠤ ᠬᠡᠷᠡᠭ ᠤᠨ ᠵᠢᠱᠢᠶ᠎ᠡ᠂ ᠭᠤᠤᠯᠳᠠᠯᠭ᠎ᠠ ᠲᠠᠢ ᠡᠵᠡᠮᠳᠡᠬᠦ ᠪᠠ ᠰᠢᠢᠳᠪᠦᠷᠢᠯᠡᠬᠦ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠡᠷᠭᠡ ᠠᠭᠤᠯᠭ᠎ᠠ ᠶᠢ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠪᠣᠯᠪᠠᠰᠤᠷᠠᠭᠤᠯᠤᠯ ᠬᠦᠷᠲᠡᠭᠡᠪᠡ᠃ ᠰᠦᠨ ᠰᠧ ᠪᠢᠨ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠬᠤᠷᠠᠯ ᠳᠤ ᠣᠷᠣᠯᠴᠠᠭᠰᠠᠳ ᠲᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠲᠥᠷᠥᠯ ᠬᠤᠪᠢᠶᠠᠬᠤ᠂ ᠭᠤᠤᠯᠳᠠᠯᠭ᠎ᠠ ᠶᠢ ᠮᠡᠳᠡᠭᠦᠯᠦᠨ ᠬᠦᠷᠭᠡᠬᠦ᠂ ᠮᠡᠳᠡᠭᠡ ᠵᠠᠩᠭᠢ ᠶᠢ ᠰᠤᠷᠪᠤᠯᠵᠢᠯᠠᠨ ᠨᠠᠶᠢᠷᠠᠭᠤᠯᠬᠤ ᠵᠡᠷᠭᠡ ᠲᠠᠯ᠎ᠠ ᠶᠢᠨ ᠪᠣᠳᠠᠲᠠᠶ ᠠᠵᠢᠯ ᠤᠨ ᠳᠤᠮᠳᠠᠬᠢ ᠠᠵᠢᠯᠯᠠᠭᠠᠨ ᠤ ᠳᠦᠷᠢᠮᠵᠢᠯ ᠪᠠ ᠠᠯᠬᠤᠮ ᠳᠠᠷᠠᠭ᠎ᠠ ᠶᠢ ᠨᠠᠷᠢᠨ ᠨᠢᠮᠪᠠᠶ ᠲᠠᠨᠢᠯᠴᠠᠭᠤᠯᠵᠤ ᠦᠭᠪᠡ᠃
     ᠪᠣᠯᠪᠠᠰᠤᠷᠠᠭᠤᠯᠤᠯ ᠢᠶᠠᠷ ᠳᠠᠮᠵᠢᠨ᠂ ᠬᠤᠷᠠᠯ ᠳᠤ ᠣᠷᠣᠯᠴᠠᠭᠰᠠᠳ ᠨᠡᠯᠢᠶᠡᠳ ᠶᠡᠭᠡ ᠣᠯᠤᠯᠲᠠ ᠲᠠᠢ᠂ ᠶᠡᠭᠡ ᠠᠰᠢᠭ ᠲᠤᠰᠠ ᠬᠦᠷᠲᠡᠵᠡᠢ ᠭᠡᠵᠦ ᠢᠯᠡᠳᠭᠡᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠪᠢᠴᠢᠬᠦ᠂ ᠮᠡᠳᠡᠭᠦᠯᠦᠨ ᠬᠦᠷᠭᠡᠬᠦ ᠲᠤᠬᠠᠶ ᠨᠠᠩ ᠰᠢᠰᠲ᠋ᠧᠮ ᠲᠠᠢ ᠲᠠᠨᠢᠯᠲᠠ ᠲᠠᠢ ᠪᠣᠯᠪᠠ᠃ ᠡᠭᠦᠨ ᠤ ᠬᠠᠮᠲᠤ᠂ ᠣᠯᠠᠨ ᠤ ᠮᠡᠳᠡᠭᠡ ᠵᠠᠩᠭᠢ ᠣᠯᠬᠤ ᠪᠣᠯᠤᠨ ᠮᠡᠳᠡᠭᠡ ᠵᠠᠩᠭᠢ ᠶᠢ ᠨᠠᠶᠢᠷᠠᠭᠤᠯᠤᠨ ᠪᠢᠴᠢᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠰᠠᠶᠢᠨ ᠰᠠᠭᠤᠷᠢ ᠶᠢ ᠲᠠᠯᠪᠢᠵᠤ ᠦᠭᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号