| | | | | | | | | | | | | | | | | | | 9 ᠳ᠋ᠦ᠋ᠭᠡᠷ ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠳᠠᠷᠤᠭ᠎ᠠ ᠺᠠᠩ ᠶᠦᠩ ᠴᠢᠶᠠᠩ ᠴᠢᠩ ᠱᠦᠶ ᠾᠧ ᠰᠢᠶᠠᠨ ᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ | ᠲᠤ ᠭᠦᠨᠵᠡᠭᠡᠶᠢᠷᠡᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢ ᠪᠠᠶᠢᠴᠠᠭᠠᠨ | ᠰᠤᠳᠤᠯᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠩ ᠨᠠᠷ ᠤᠷᠢᠳ ᠬᠤᠵᠢᠳ ᠴᠤᠤ ᠫᠠᠢ | ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠾᠧᠩ ᠶᠤᠸᠠᠨ ᠭᠤᠤ | ᠯᠢᠩ ᠰᠢᠷᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠸᠠᠨ ᠴᠢᠦ ᠰᠢᠨ᠎ᠡ ᠬᠡᠯᠪᠡᠷᠢ ᠶᠢᠨ | ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠵᠦᠩ ᠷᠠᠨ᠂ ᠬᠠᠳᠤᠨ ᠭᠤᠤᠯ ᠢ | ᠬᠦᠷᠢᠶᠡᠯᠡᠩ ᠳᠤ ᠲᠡᠳᠡᠨ ᠣᠷᠣᠭᠤᠯᠵᠤ ᠳᠠᠷᠤᠯᠲᠠ ᠨᠡᠮᠡᠭᠳᠡᠭᠦᠯᠬᠦ ᠬᠥᠭᠡᠷᠭᠡ ᠶᠢᠨ ᠥᠷᠲᠡᠭᠡ ᠵᠡᠷᠭᠡ ᠭᠠᠵᠠᠷ ᠤᠨ | ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠪᠡ᠃ ᠬᠦᠷᠦᠭᠰᠡᠨ ᠭᠠᠵᠠᠷ ᠪᠣᠯᠭᠠᠨ ᠳᠤ᠂ ᠺᠠᠩ ᠶᠦᠩ ᠴᠢᠶᠠᠩ ᠡᠯ᠎ᠡ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠭᠦᠨᠵᠡᠭᠡᠶ ᠶᠠᠷᠢᠯᠴᠠᠵᠤ᠂ ᠲᠥᠷᠥᠯ ᠵᠦᠶᠯ ᠤᠨ ᠰᠠᠭᠤᠷᠢ ᠪᠡᠯᠡᠳᠬᠡᠮᠵᠢ᠂ ᠦᠶᠯᠡᠳᠪᠦᠷᠢ ᠶᠢᠨ | ᠪᠠᠶᠢᠰᠢᠩ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠢᠶᠠᠨ ᠤ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ | ᠵᠥᠪᠯᠡᠯ ᠤᠨ ᠡᠷᠬᠢᠯᠡᠭᠴᠢ ᠳ᠋ᠦ᠋ ᠬᠦᠶ ᠵᠦᠩ ᠲᠠᠢ ᠲᠥᠷᠥᠯ ᠵᠦᠶᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ | ᠬᠦᠴᠢᠷᠳᠡᠯ ᠪᠣᠯᠤᠨ ᠠᠰᠠᠭᠤᠳᠠᠯ ᠢ ᠨᠢᠭᠡᠳ ᠨᠢᠭᠡ ᠪᠠᠷ ᠡᠮᠬᠢᠯᠡᠵᠦ᠂ ᠲᠤᠬᠠᠶ ᠶᠢᠨ ᠲᠠᠯᠠᠪᠠᠢ ᠳᠤ ᠰᠢᠶᠳᠪᠦᠷᠢᠯᠡᠬᠦ | ᠲᠥᠰᠦᠯ ᠢ ᠳᠤᠷᠠᠳᠴᠠᠶ᠃ | ᠺᠠᠩ ᠶᠦᠩ ᠴᠢᠶᠠᠩ ᠱᠠᠭᠠᠷᠳᠠᠭᠰᠠᠨ ᠨᠢ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ | ᠶᠢ ᠴᠢᠩᠭ᠎ᠠ ᠠᠩᠬᠠᠷᠴᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠢᠳᠡᠪᠬᠢᠲᠡᠢ ᠳᠡᠭᠡᠭᠰᠢᠯᠡᠭᠦᠯᠦᠨ᠂ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠴᠢᠨᠠᠷ ᠰᠠᠶᠢᠲᠠᠶ | ᠲᠥᠷᠥᠯ ᠵᠦᠶᠯ ᠢ ᠦᠨᠡᠨᠬᠦ ᠲᠥᠪᠯᠡᠷᠡᠭᠦᠯᠦᠨ᠎ᠡ᠃ ᠬᠥᠭᠵᠢᠯᠲᠡ ᠶᠢᠨ ᠳᠠᠯᠳᠠ ᠬᠦᠴᠦᠨ ᠢ ᠢᠳᠡᠪᠬᠢᠲᠡᠢ ᠠᠭᠤᠳᠠᠯᠵᠤ᠂ | ᠭᠠᠵᠠᠷ ᠰᠢᠷᠣᠶ ᠪᠠ ᠪᠡᠯᠡ ᠮᠥᠩᠭᠦ ᠬᠤᠶᠠᠷ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠬᠥᠭᠵᠢᠯᠲᠡ ᠳᠤ ᠨᠠᠩ ᠣᠯᠠᠨ ᠣᠷᠣᠨ ᠵᠠᠶ ᠡᠭᠦᠳᠴᠦ ᠥᠭᠬᠦ ᠬᠡᠷᠡᠭᠲᠡᠶ᠃ ᠠᠵᠤ ᠦᠶᠯᠡᠳᠪᠦᠷᠢ ᠶᠢᠨ ᠬᠦᠷᠢᠶᠡᠯᠡᠩ | ᠲᠣᠭᠤᠷᠢᠭ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠠᠵᠠᠷ ᠰᠢᠷᠣᠶ ᠶᠢᠨ ᠬᠤᠷᠢᠶᠠᠨ ᠨᠥᠭᠡᠴᠡᠯᠡᠬᠦ ᠵᠡᠷᠭᠡ | ᠨᠢᠭᠡᠴᠡ ᠨᠦᠭᠦᠳ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠭᠠᠷ ᠲᠠᠭᠠᠨ ᠴᠢᠩᠭ᠎ᠠ ᠠᠳᠬᠤᠬᠤ ᠶᠢ | ᠪᠠᠷᠢᠮᠲᠠᠯᠠᠵᠤ᠂ ᠬᠠᠷᠢᠭᠤᠴᠠᠯᠭᠠᠲᠤ ᠰᠡᠳᠬᠢᠯᠭᠡ ᠪᠠ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ | ᠴᠢᠬᠤᠯᠠ ᠶᠡᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠬᠢᠯᠲᠠ ᠶᠢᠨ ᠪᠠᠶᠢᠳᠠᠯ ᠢ ᠴᠢᠩᠭ᠎ᠠ ᠠᠩᠬᠠᠷᠬᠤ | ᠬᠡᠷᠡᠭᠲᠡᠶ᠃ ᠡᠭᠦᠨ ᠤ ᠬᠠᠮᠲᠤ᠂ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ | ᠦᠶᠯᠡᠴᠢᠯᠡᠭᠡ ᠪᠠᠨ ᠰᠠᠶᠢᠲᠤᠷ ᠬᠢᠵᠦ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ | ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠮᠥᠷᠳᠡᠨ ᠰᠢᠶᠳᠪᠦᠷᠢᠯᠡᠵᠦ᠂ ᠲᠥᠷᠥᠯ ᠵᠦᠶᠯ ᠢ ᠪᠦᠬᠦ | ᠬᠦᠴᠦᠨ ᠢᠶᠠᠷ ᠢᠶᠠᠨ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃ | | |