ᠰᠢᠨ᠎ᠡ ᠬᠤᠲᠠ ᠲᠣᠭᠤᠷᠢᠭ ᠤᠨ 2019 ᠣᠨ ᠤ1 — 8 ᠳ᠋ᠤᠭᠠᠷ ᠰᠠᠷ᠎ᠠ ᠶᠢᠨ ᠭᠤᠤᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2019-09-26
      — ᠠᠵᠤ ᠦᠢᠯᠡᠳᠪᠦᠷᠢ ᠶᠢᠨ ᠲᠠᠯ᠎ᠠ ᠪᠠᠷ᠄        1 — 8 ᠳ᠋ᠤᠭᠠᠷ ᠰᠠᠷ᠎ᠠ ᠳᠤ᠂ ᠰᠢᠨ᠎ᠡ ᠬᠤᠲᠠ ᠲᠣᠭᠤᠷᠢᠭ ᠤᠨ 12 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠳᠤᠬᠢ ᠦᠨ᠎ᠡ ᠶᠢᠨ ᠠᠵᠤ ᠦᠢᠯᠡᠳᠪᠦᠷᠢ ᠶᠢᠨ ᠶᠡᠷᠦᠩᠬᠡᠶ ᠥᠷᠲᠡᠭ 49.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.3 % ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 10.1 % ᠶᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ ᠬᠤᠲᠠ ᠶᠢᠨ ᠳᠥᠷᠪᠡᠨ ᠲᠣᠭᠤᠷᠢᠭ ᠤᠨ ᠳᠣᠲᠣᠷ᠎ᠠ ᠭᠤᠷᠪᠠᠳᠤᠭᠠᠷ ᠲᠤ ᠵᠢᠭᠰᠠᠭᠠᠭᠳᠠᠪᠠ᠃      — ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠠᠯ᠎ᠠ ᠪᠠᠷ᠄      1 — 8 ᠳ᠋ᠤᠭᠠᠷ ᠰᠠᠷ᠎ᠠ ᠳᠤ᠂ ᠰᠢᠨ᠎ᠡ ᠬᠤᠲᠠ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠡᠶᠢᠲᠡ 48.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 30 % ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠬᠤᠲᠠ ᠶᠢᠨ ᠳᠥᠷᠪᠡᠨ ᠲᠣᠭᠤᠷᠢᠭ ᠳᠣᠲᠣᠷ᠎ᠠ ᠭᠤᠷᠪᠠᠳᠤᠭᠠᠷ ᠲᠤ ᠵᠢᠭᠰᠠᠭᠠᠭᠳᠠᠪᠠ᠃      — ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠪᠣᠷᠣᠯᠠᠭᠤᠯᠤᠭᠰᠠᠨ ᠦᠷᠲᠡᠭ ᠤᠨ ᠲᠠᠯ᠎ᠠ ᠪᠠᠷ᠄      1 — 8 ᠳ᠋ᠤᠭᠠᠷ ᠰᠠᠷ᠎ᠠ ᠳᠤ᠂ ᠰᠢᠨ᠎ᠡ ᠬᠤᠲᠠ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠪᠣᠷᠣᠯᠠᠭᠤᠯᠤᠭᠰᠠᠨ ᠦᠷᠲᠡᠭ ᠨᠡᠶᠢᠲᠡ 303.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.6 % ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠬᠤᠲᠠ ᠶᠢᠨ ᠳᠥᠷᠪᠡᠨ ᠲᠣᠭᠤᠷᠢᠭ ᠤᠨ ᠳᠣᠲᠣᠷ᠎ᠠ ᠲᠣᠰ ᠪᠦᠷᠢ ᠬᠤᠶᠠᠳᠤᠭᠠᠷ ᠪᠠ ᠨᠢᠭᠡᠳᠦᠭᠡᠷ ᠲᠤ ᠵᠢᠭᠰᠠᠭᠠᠭᠳᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号