ᠪᠠᠰᠠ ᠬᠤᠨᠢ ᠢᠮᠠᠭᠠᠨ ᠤ ᠠᠮᠠᠷᠠᠤ ᠭᠡᠳᠡᠭ᠃ ᠬᠠᠯᠳᠠᠪᠤᠷᠢᠲᠤ ᠴᠢᠨᠠᠷᠲᠠᠢ ᠢᠳᠡᠭᠡᠲᠦ ᠴᠥᠪᠥᠷᠢᠭᠦᠦ ᠶᠢᠨ ᠸᠢᠷᠦ᠋ᠰ ᠠᠴᠠ ᠡᠭᠦᠰᠴᠦ᠂ ᠬᠤᠷᠠᠭ᠎ᠠ | ᠢᠰᠢᠭᠡᠨ ᠳᠤ ᠣᠯᠠᠨ ᠡᠭᠦᠰᠳᠡᠭ᠃ ᠠᠮᠠᠨ ᠬᠥᠨᠳᠡᠢ᠂ ᠤᠷᠤᠭᠤᠯ ᠤᠨ ᠬᠡᠰᠡᠭ ᠤᠨ ᠠᠷᠠᠰᠤ ᠪᠠ ᠰᠠᠯᠢᠰᠤᠲᠤ ᠪᠦᠷᠬᠦᠪᠴᠢ ᠳᠤ ᠡᠰᠡᠷᠭᠡᠨ᠎ᠡ ᠡᠭᠦᠰᠴᠦ᠂ ᠢᠳᠡᠭᠡᠲᠦ | ᠴᠥᠪᠥᠷᠢᠭᠦᠦ᠂ ᠰᠢᠷᠬᠠᠯᠠᠭ᠎ᠠ ᠡᠭᠦᠰᠴᠦ᠂ ᠳᠠᠪᠠᠭᠠᠰᠤᠷᠠᠨᠠ᠃ ᠤᠷᠤᠭᠤᠯ ᠤᠨ ᠬᠡᠯᠪᠡᠷᠢ᠂ ᠲᠤᠭᠤᠷᠠᠢ ᠶᠢᠨ ᠬᠡᠯᠪᠡᠷᠢ ᠪᠠ ᠭᠠᠳᠠᠷ ᠪᠡᠯᠭᠡ ᠶᠢᠨ ᠬᠡᠯᠪᠡᠷᠢ ᠭᠡᠵᠦ 3 | ᠵᠦᠢᠯ ᠬᠤᠪᠢᠶᠠᠨ᠎ᠠ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠄ ᠡᠩ ᠲᠡᠷᠢᠭᠦᠨ ᠳᠤ ᠡᠪᠡᠳᠴᠢᠲᠡᠢ ᠬᠤᠨᠢ ᠶᠢ ᠲᠤᠰᠠᠭᠠᠷᠯᠠᠵᠤ᠂ ᠬᠠᠰᠢᠶ᠎ᠠ ᠰᠠᠷᠠᠪᠴᠢ ᠶᠢ | ᠠᠷᠢᠭᠤᠳᠬᠠᠬᠤ ᠠᠵᠢᠯ ᠢ ᠰᠠᠶᠢᠲᠤᠷ ᠬᠢᠨ᠎ᠡ᠃ ᠡᠮᠴᠢᠯᠡᠨ ᠵᠠᠰᠠᠬᠤ ᠳᠠᠭᠠᠨ ᠲᠡᠪ ᠢ ᠨᠢ ᠠᠪᠴᠤ ᠬᠠᠶᠠᠨ ᠢᠥᠳ᠋ᠲᠦ ᠭᠯᠢᠼᠧᠷᠢᠨ ᠲᠦᠷᠬᠢᠨ᠎ᠡ᠃ ᠠᠮᠠᠨ | ᠬᠥᠨᠳᠡᠢ ᠶᠢᠨ ᠰᠢᠷᠬᠠᠯᠠᠭ᠎ᠠ ᠪᠠᠶᠢᠪᠠᠯ᠂ 0.1% - 0.2% ᠤᠨ ᠳᠡᠭᠡᠳᠦ ᠮᠠᠩᠭᠠᠨ ᠬᠦᠴᠢᠯ ᠤᠨ ᠺᠠᠯᠢ ᠶᠢᠨ ᠠᠭᠤᠰᠤᠮᠠᠯ ᠪᠤᠶᠤ ᠹᠢᠽᠢᠣᠯᠣᠭᠢ ᠶᠢᠨ ᠳᠠᠪᠤᠰᠤᠨ | ᠠᠭᠤᠰᠤᠮᠠᠯ ᠢᠶᠠᠷ ᠰᠢᠷᠬᠠᠯᠠᠭ᠎ᠠ ᠶᠢ ᠤᠬᠢᠶᠠᠵᠤ᠂ ᠳᠡᠭᠡᠷ᠎ᠡ ᠨᠢ ᠪᠢᠩ ᠫᠧᠩ ᠰᠠᠨ ᠪᠤᠶᠤ ᠴᠢᠩ ᠳ᠋ᠠᠢ ᠰᠠᠨ ᠲᠦᠷᠬᠢᠨ᠎ᠡ᠃ ᠡᠳᠦᠷ ᠪᠦᠷᠢ 2 ᠤᠳᠠᠭ᠎ᠠ᠂ ᠵᠠᠯᠭᠠᠭᠠᠳ | ᠨᠢᠭᠡ ᠭᠠᠷᠠᠭ ᠬᠡᠷᠡᠭᠯᠡᠨ᠎ᠡ᠃ ᠪᠠᠭᠠᠯᠵᠤᠤᠷ ᠦᠷᠪᠢᠰᠦᠯ ᠪᠠ ᠠᠭᠤᠰᠬᠢᠨ ᠦᠷᠪᠢᠰᠦᠯ ᠡᠭᠦᠰᠪᠡᠯ ᠴᠢᠩ ᠮᠧᠢ ᠰᠤ᠋ 40 ᠲᠦᠮᠡᠨ - 100 ᠲᠦᠮᠡᠨ ᠳᠡᠯᠡᠬᠡᠢ | ᠨᠡᠶᠢᠲᠡ ᠤ ᠨᠢᠭᠡᠴᠢ ᠶᠢ ᠪᠣᠯᠴᠢᠩ ᠳᠤ ᠲᠠᠷᠢᠨ ᠡᠮᠨᠡᠨ ᠵᠠᠰᠠᠨ᠎ᠠ᠃ ᠪᠠᠰᠠ ᠭᠤᠷᠪᠠᠨ ᠰᠢᠷ᠎ᠠ ᠲᠠᠯᠬ᠎ᠠ ᠪᠠ ᠰᠢᠷ᠎ᠠ ᠲᠠᠩ ᠢ ᠪᠣᠷᠳᠤᠭ᠎ᠠ ᠳᠤᠨᠢ ᠬᠤᠯᠢᠵᠤ ᠲᠡᠵᠢᠭᠡᠨ᠂ | ᠬᠠᠪᠰᠤᠷᠭᠠᠨ ᠵᠠᠰᠠᠵᠤ ᠪᠣᠯᠣᠨ᠎ᠠ᠂ ᠡᠮ ᠬᠡᠷᠡᠭᠯᠡᠬᠦ ᠬᠡᠮᠵᠢᠶ᠎ᠡ ᠨᠢ ᠬᠤᠨᠢ ᠪᠦᠷᠢ 20 - 50g᠂ ᠵᠠᠯᠭᠠᠭᠠᠳ 3 - 5 ᠡᠳᠦᠷ ᠬᠡᠷᠡᠭᠯᠡᠪᠡᠯ ᠪᠣᠯᠴᠢᠬᠠᠨ᠎ᠠ᠃ |