ᠬᠤᠷᠢᠨᠭᠡᠷ ᠰᠢᠶᠠᠨ ︽ᠮᠠᠭᠲᠠᠭᠠᠯ ᠤᠨ ᠳᠠᠭᠤᠤ ᠶᠢ ᠨᠠᠮ ᠳᠤ ᠪᠠᠨ ᠡᠷᠭᠦᠵᠦ᠂ ᠰᠢᠨ᠎ᠡ ᠳᠤᠮᠳᠠᠳᠤ ᠤᠯᠤᠰ ᠢᠶᠠᠨ ᠮᠠᠭᠲᠠᠨ ᠳᠠᠭᠤᠯᠠᠶ᠎ᠠ︾ ᠬᠡᠮᠡᠬᠦ ᠠᠵᠢᠯᠯᠠᠭ᠎ᠠ ᠥᠷᠨᠢᠭᠦᠯᠵᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠬᠦ ᠳᠠᠭᠤᠤ ᠶᠢᠨ ᠤᠷᠤᠯᠳᠤᠭᠠᠨ ᠢ ᠡᠷᠬᠢᠯᠡᠨ ᠶᠠᠪᠣᠭᠳᠠᠭᠤᠯᠪᠠ
ᠨᠡᠶᠢᠲᠡᠯᠡᠭᠰᠡᠨ ᠴᠠᠭ᠄
2019-09-27
     9 ᠳ᠋ᠦ᠋ᠭᠡᠷ ᠰᠠᠷ᠎ᠠ ᠶᠢᠨ 23 ᠤ ᠦᠳᠡ ᠶᠢᠨ ᠬᠤᠶᠢᠨ᠎ᠠ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠰᠢᠶᠠᠨ ᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ︽ᠮᠠᠭᠲᠠᠭᠠᠯ ᠤᠨ ᠳᠠᠭᠤᠤ ᠶᠢ ᠨᠠᠮ ᠳᠤ ᠪᠠᠨ ᠡᠷᠭᠦᠵᠦ᠂ ᠰᠢᠨ᠎ᠡ ᠳᠤᠮᠳᠠᠳᠤ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠬᠦ ᠳᠠᠭᠤᠤ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠰᠢᠶᠠᠨ ᠤ ᠭᠤᠷᠪᠠᠳᠤᠭᠠᠷ ᠳᠤᠮᠳᠠᠳᠣ ᠰᠣᠷᠭᠠᠭᠤᠯᠢ ᠶᠢᠨ ᠲᠢᠩᠬᠢᠮ ᠳᠤ ᠥᠨᠳᠥᠷᠯᠡᠪᠡ᠃      ᠲᠣᠰ ᠤᠳᠠᠭᠠᠨ ᠤ ᠠᠵᠢᠯᠯᠠᠭ᠎ᠠ ᠳᠤ᠂ ᠰᠢᠶᠠᠩ ᠪᠠᠯᠭᠠᠰᠤᠨ ᠤ ᠰᠣᠶᠣᠯ ᠤᠨ ᠥᠷᠲᠡᠭᠡ ᠪᠣᠯᠣᠨ ᠲᠣᠰᠬᠤᠨ᠂ ᠨᠡᠶᠢᠭᠡᠮ  ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠤᠨ ᠥᠷᠭᠡᠨ ᠣᠯᠠᠨ ᠤᠳᠬ᠎ᠠ ᠤᠷᠠᠯᠢᠭ ᠤᠨ ᠰᠣᠨᠢᠷᠬᠠᠭᠴᠢ ᠨᠡᠶᠢᠲᠡ 600 ᠭᠠᠷᠤᠶ ᠬᠥᠮᠥᠨ ᠣᠷᠣᠯᠴᠠᠵᠠᠶ᠃ ᠠᠩᠬᠠᠨ ᠤ ᠤᠷᠤᠯᠳᠤᠭᠠᠨ ᠤ ᠰᠢᠯᠭᠠᠷᠠᠭᠤᠯᠤᠯᠲᠠ ᠳᠤ 11 ᠨᠠᠶᠢᠷᠠᠯ ᠳᠠᠭᠤᠤ ᠶᠢᠨ ᠠᠩᠭᠢ ᠪᠣᠯᠣᠨ 9 ᠭᠤᠴᠣᠯᠠᠯ ᠳᠠᠭᠤᠤ᠂ ᠬᠤᠤᠰᠯᠠᠯ ᠳᠠᠭᠤᠤ ᠰᠢᠢᠳᠪᠦᠷᠢᠲᠦ ᠤᠷᠤᠯᠳᠤᠭᠠᠨ ᠳᠤ ᠣᠷᠣᠪᠠ᠃      ᠤᠷᠤᠯᠳᠤᠭᠠᠨ ᠤ ᠠᠬᠤᠶ ᠲᠠᠯᠠᠪᠠᠢ ᠳᠤ᠂ ᠳᠠᠭᠤᠴᠢᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠡᠭᠦᠯᠳᠡᠷ ᠪᠠᠶᠢᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠠᠮ᠂ ᠡᠬᠡ ᠤᠯᠤᠰ᠂ ᠨᠤᠲᠤᠭ ᠤᠰᠤ ᠪᠠᠨ ᠮᠠᠭᠲᠠᠨ ᠰᠠᠶᠢᠰᠢᠶᠠᠵᠤ ᠪᠠᠶᠢᠭ᠎ᠠ ᠰᠡᠳᠬᠢᠯᠭᠡ ᠪᠠᠨ ᠳᠠᠭᠤᠯᠠᠨ᠂ ᠮᠠᠨ ᠤ ᠰᠢᠶᠠᠨ ᠤ ᠤᠳᠬ᠎ᠠ ᠤᠷᠠᠯᠢᠭ ᠲᠤ ᠳᠤᠷ᠎ᠠ ᠪᠠᠭ᠋ᠠᠲᠠᠶ ᠬᠥᠮᠦᠰ ᠤᠨ ᠡᠷᠡᠯᠬᠡᠭ ᠵᠣᠷᠢᠭ ᠪᠣᠯᠣᠨ ᠴᠤᠭ ᠵᠢᠪᠬᠤᠭ᠎ᠠ ᠶᠢ ᠢᠯᠡᠷᠡᠭᠦᠯᠵᠡᠶ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠨᠠᠶᠢᠷᠠᠯ ᠳᠠᠭᠤᠤ ᠪᠣᠯᠣᠨ ᠭᠤᠴᠣᠯᠠᠯ ᠳᠠᠭᠤᠤ᠂ ᠬᠤᠤᠰᠯᠠᠯ ᠳᠠᠭᠤᠤ ᠲᠤᠰ ᠲᠤᠰ ᠰᠢᠯᠢᠳᠡᠭ ᠱᠠᠩᠨᠠᠯ᠂ ᠭᠤᠷᠪᠠ ᠬᠤᠶᠠᠷ ᠨᠢᠭᠡᠳᠦᠭᠡᠷ ᠲᠡᠰ ᠤᠨ ᠱᠠᠩᠨᠠᠯ ᠢ ᠰᠢᠯᠭᠠᠷᠠᠭᠤᠯᠵᠤ᠂ ᠤᠷᠤᠯᠳᠤᠭᠠᠨ ᠤ ᠠᠵᠢᠯᠯᠠᠭ᠎ᠠ ᠣᠷᠭᠢᠯᠤᠮ᠎ᠠ ᠬᠠᠯᠠᠭᠤᠨ ᠠᠭᠤᠷ ᠠᠮᠢᠰᠬᠤᠯ ᠳᠤ ᠲᠡᠭᠦᠰ ᠠᠮᠵᠢᠯᠲᠠ ᠲᠠᠢ ᠥᠨᠳᠥᠷᠯᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号