ᠭᠠᠩᠪᠦ᠋ᠬᠡ ᠬᠤᠷᠢᠨᠭᠡᠷ ᠰᠢᠶᠠᠨ ᠳᠤ ᠬᠦᠷᠴᠦ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠤᠨ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2019-09-27
     9 ᠳ᠋ᠦ᠋ᠭᠡᠷ ᠰᠠᠷ᠎ᠠ ᠶᠢᠨ 25 ᠤ ᠡᠳᠦᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠠᠩᠪᠦ᠋ᠬᠡ ᠳᠤᠭᠤᠶᠢᠯᠠᠩ ᠳᠠᠭᠠᠭᠤᠯᠤᠨ ᠮᠠᠨ ᠤ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ  ᠠᠬᠤᠶᠢᠯᠠᠯ ᠳᠤ ᠬᠦᠷᠴᠦ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠤ᠋ ᠵᠢᠶᠦ᠋ᠨ ᠨᠡᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠭᠠᠩᠪᠦ᠋ᠬᠡ ᠨᠡᠷ ᠤᠷᠢᠳ ᠬᠤᠵᠢᠳ ᠬᠦᠬᠡᠬᠤᠲᠠ ᠶᠢᠨ ᠮᠧᠩ ᠨᠢᠤ ᠱᠧᠩ ᠮᠤ᠋ ᠳᠡᠭᠡᠳᠦ ᠰᠢᠨ᠎ᠡ ᠮᠡᠷᠭᠡᠵᠢᠯ ᠤᠨ ᠴᠠᠭᠠᠨ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ ᠮᠧᠩ ᠱᠣ᠋ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠶᠠᠪᠤᠴᠠ ᠳᠤ᠂ ᠭᠠᠩᠪᠦ᠋ᠬᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ  ᠦᠢᠯᠡᠳᠪᠦᠷᠢᠯᠡᠯ᠂ ᠡᠵᠡᠩᠨᠡᠯᠲᠡ ᠶᠢᠨ ᠪᠠᠶᠢᠳᠠᠯ᠂ ᠲᠡᠷᠢᠭᠦᠨ ᠤ ᠮᠡᠷᠭᠡᠵᠢᠯ ᠤᠨ ᠪᠣᠳᠠᠰᠯᠢᠭ ᠬᠤᠯᠪᠣᠭᠠᠲᠤ ᠰᠦᠯᠵᠢᠶ᠎ᠡ ᠳᠠᠬᠢ ᠪᠦᠲᠦᠭᠡᠨ ᠪᠠᠶᠢᠭᠤᠯᠣᠯᠲᠠ᠂ ᠤᠶᠤᠨᠲᠤ ᠬᠤᠲᠠ᠂ ᠤᠶᠤᠨᠲᠤ ᠰᠤᠷᠭᠠᠭᠤᠯᠢ ᠵᠡᠷᠭᠡ ᠲᠠᠯ᠎ᠠ ᠳᠠᠬᠢ ᠳᠡᠯᠭᠡᠷᠡᠭᠦᠯᠦᠨ ᠬᠡᠷᠡᠭᠯᠡᠭᠰᠡᠨ ᠪᠠᠶᠢᠳᠠᠯ ᠵᠢᠴᠢ ᠠᠮᠢ ᠠᠬᠤᠢ ᠶᠢᠨ ᠪᠦᠲᠦᠭᠡᠨ ᠪᠠᠶᠢᠭᠤᠯᠣᠯᠲᠠ᠂ ᠣᠷᠴᠢᠨ ᠲᠣᠭᠤᠷᠢᠨ ᠤ ᠵᠠᠰᠠᠯᠲᠠ᠂ ᠪᠣᠬᠢᠷᠲᠤᠯ ᠦᠭᠡᠢ ᠪᠠᠷᠢᠯᠭ᠎ᠠ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠲᠣᠰᠪᠣᠷᠢ ᠣᠶᠢᠯᠠᠭᠠᠪᠠ᠃      ᠭᠠᠩᠪᠦ᠋ᠬᠡ ᠴᠢᠩᠭᠠᠳᠬᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢ ᠨᠠᠩ ᠳᠣᠪᠣᠶᠢᠮ᠎ᠠ ᠪᠠᠶᠢᠷᠢᠨ ᠳᠤ ᠲᠠᠯᠪᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠵᠢᠯᠣᠭᠤᠳᠤᠯᠭ᠎ᠠ᠂ ᠵᠣᠬᠢᠴᠠᠭᠤᠯᠭ᠎ᠠ ᠪᠣᠯᠣᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠶ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢ ᠬᠥᠭᠵᠢᠭᠦᠯᠬᠦ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠤᠬᠠᠮᠰᠠᠷᠲᠤ ᠴᠢᠨᠠᠷ ᠰᠠᠨᠠᠭᠠᠴᠢᠯᠠᠭᠠᠲᠤ ᠴᠢᠨᠠᠷ ᠢᠶᠠᠨ ᠨᠡᠮᠡᠭᠳᠡᠭᠦᠯᠬᠦ ᠬᠡᠷᠡᠭᠲᠡᠶ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠳᠣᠲᠣᠨᠣ ᠴᠢᠬᠡᠴᠢ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠨ ᠤ ᠬᠠᠷᠢᠯᠴᠠᠭ᠎ᠠ ᠶᠢ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠦᠨᠳᠦᠷ ᠴᠢᠨᠰᠠᠭᠠᠲᠣ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃      ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠳᠤᠮᠳᠠ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠵᠦ᠂ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠪᠠᠶᠢᠴᠠᠭᠠᠨ ᠦᠵᠡᠬᠦ ᠶᠢᠨ ᠲᠣᠰᠠᠳᠠ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠰᠠᠨᠠᠯ ᠬᠤᠷᠢᠶᠠᠬᠤ ᠬᠦᠰᠦᠨᠦᠭᠲᠦ ᠲᠠᠷᠬᠠᠭᠠᠭᠰᠠᠨ ᠪᠥᠭᠡᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠰᠠᠭᠤᠳᠠᠯ ᠤᠨ ᠬᠤᠷᠠᠯ ᠬᠢᠭᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号