ᠦᠴᠤᠸᠠᠨ ᠰᠢᠶᠠᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ | ᠬᠥᠮᠦᠵᠢᠯ ᠤᠨᠰᠤᠷᠤᠯᠴᠠᠯᠭ᠎ᠠ ᠶᠢᠨ ᠲᠠᠩᠬᠢᠮ︾ ᠤᠨ ᠡᠬᠢᠯᠡᠯᠲᠡ ᠶᠢᠨ ᠶᠣᠰᠣᠯᠠᠯ ᠲᠦᠷᠦᠭᠦᠬᠡᠨ ᠶᠠᠪᠤᠭᠳᠠᠪᠠ᠃ | ᠡᠨᠡ ᠨᠢ ᠦᠴᠤᠸᠠᠨ ᠰᠢᠶᠠᠨ ᠨᠢ ᠰᠢᠨᠬᠤᠸᠠ ᠬᠤᠷᠢᠶᠠᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ | ᠰᠤᠷᠲᠠᠬᠤᠨ ᠤ ᠬᠥᠮᠦᠵᠢᠯ ᠤᠨ ᠰᠤᠷᠤᠯᠴᠠᠯᠭ᠎ᠠ ᠶᠢᠨ ᠲᠠᠩᠬᠢᠮ ︾ ᠤᠨ ᠫᠷᠤᠭ᠍ᠷᠠᠮ ᠢ ᠥᠪᠥᠷ ᠮᠣᠩᠭᠤᠯ ᠣᠷᠣᠨ ᠳᠤ | ᠵᠢᠩᠬᠢᠨᠢ ᠪᠠᠷ ᠨᠡᠪᠲᠡᠷᠡᠭᠦᠯᠦᠭᠰᠡᠨ ᠠᠩᠬᠠᠳᠠᠭᠴᠢ ᠬᠤᠰᠢᠭᠤ ᠰᠢᠶᠠᠨ ᠪᠣᠯᠤᠭᠰᠠᠨ ᠢ ᠬᠠᠷᠠᠭᠤᠯᠵᠤ ᠪᠣᠶ᠃ | ︽ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠰᠤᠷᠤᠯᠴᠠᠯᠭ᠎ᠠ ᠶᠢᠨ ᠲᠠᠩᠬᠢᠮ︾ | ᠪᠣᠯ ᠰᠢᠨᠬᠤᠸᠠ ᠬᠤᠷᠢᠶᠠᠨ ᠤ ᠳᠠᠭᠤᠤ ᠳᠦᠷᠰᠦᠲᠦ ᠳᠡᠯᠭᠡᠴᠡ ᠶᠢ ᠨᠠᠶᠢᠷᠠᠭᠤᠯᠬᠤ ᠬᠡᠯᠲᠡᠰ ᠪᠣᠯᠤᠨ ᠰᠢᠨᠬᠤᠸᠠ | ᠬᠤᠷᠢᠶᠠᠨ ᠤ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠲᠥᠪ ᠤᠨ ᠤᠯᠤᠰ ᠤᠨ ᠬᠦᠴᠦᠷᠬᠡᠭ ᠶᠡᠭᠡ ᠮᠡᠳᠡᠭᠡᠯᠡᠯ ᠤᠨ | ᠡᠬᠢ ᠪᠠᠶᠠᠯᠢᠭ ᠪᠣᠯᠤᠨ ᠠᠭᠤᠯᠭ᠎ᠠ ᠶᠢ ᠨᠡᠶᠢᠳᠬᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠠᠷᠢᠨ ᠨᠢᠮᠪᠠᠶ | ᠵᠢᠷᠤᠵᠤ ᠲᠥᠯᠥᠪᠯᠡᠨ ᠦᠢᠯᠡᠳᠦᠭᠰᠡᠨ ᠶᠣᠰᠣ ᠰᠤᠷᠲᠠᠬᠤᠨ ᠤ ᠬᠥᠮᠦᠵᠢᠯ᠂ ᠴᠠᠭ ᠤᠨ ᠪᠠᠶᠢᠳᠠᠯ᠂ ᠤᠯᠤᠰ ᠢᠶᠠᠨ | ᠬᠠᠶᠢᠷᠠᠯᠠᠬᠤ ᠦᠵᠡᠯ ᠪᠣᠯᠤᠨ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠵᠡᠷᠭᠡ | ᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠸᠢᠳᠢᠣ᠋ ᠫᠷᠤᠭ᠍ᠷᠠᠮ ᠪᠣᠯᠤᠨ᠎ᠠ᠃ ᠲᠣᠰ ᠫᠷᠤᠭ᠍ᠷᠠᠮ ᠨᠢ ᠪᠥᠬᠦ ᠤᠯᠤᠰ ᠤᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠯᠢᠶᠡᠨ ᠠᠪᠤᠭᠴᠢᠳ ᠤᠨ ᠣᠨᠴᠠᠯᠢᠭ ᠪᠠ ᠬᠦᠯᠢᠶᠡᠨ | ᠠᠪᠬᠤ ᠳᠠᠳᠬᠠᠯ ᠳᠤ ᠴᠢᠭᠯᠡᠭᠦᠯᠦᠨ᠂ ᠸᠢᠳᠢᠣ᠋ ᠶᠢᠨ ᠡᠨᠡ ᠬᠦ ᠰᠢᠭᠤᠳ ᠠᠵᠢᠭᠯᠠᠯᠲᠠ᠂ ᠠᠮᠢᠳᠤᠯᠢᠭ᠂ ᠳᠦᠷᠢ | ᠲᠥᠷᠬᠦ ᠶᠢᠨ ᠢᠯᠡᠷᠡᠭᠦᠯᠦᠯ ᠤᠨ ᠠᠷᠭ᠎ᠠ ᠮᠠᠶ᠋ᠢᠭ ᠢᠶᠠᠷ ᠵᠠᠯᠠᠭᠤᠴᠤᠳ ᠪᠠᠭᠠᠴᠤᠳ ᠤᠨ ᠣᠷᠣᠯᠴᠠᠬᠤ᠂ ᠣᠶᠢᠯᠠᠭᠠᠬᠤ ᠪᠠ | ᠬᠠᠷᠢᠯᠴᠠᠨ ᠬᠥᠳᠡᠯᠦᠯᠴᠡᠬᠦ ᠪᠠᠷ ᠳᠠᠮᠵᠢᠭᠤᠯᠤᠨ ᠰᠤᠷᠭᠠᠨ ᠬᠥᠮᠦᠵᠢᠭᠦᠯᠬᠦ ᠪᠠ ᠤᠯᠠᠮᠵᠢᠯᠠᠨ ᠳᠡᠯᠭᠡᠷᠡᠭᠦᠯᠬᠦ ᠪᠣᠳᠠᠲᠤ | ᠦᠷ᠎ᠡ ᠪᠦᠲᠦᠮᠵᠢ ᠶᠢ ᠪᠣᠶ ᠪᠣᠯᠭᠠᠵᠤ᠂ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠲᠠᠯ᠎ᠠ ᠪᠠᠷ ᠰᠢᠨ᠎ᠡ ᠶᠢ | ᠡᠭᠦᠳᠬᠦ ᠶᠢᠨ ᠢᠳᠡᠪᠬᠢᠲᠡᠢ ᠰᠦᠪᠡᠭᠴᠢᠯᠡᠯᠲᠡ ᠪᠠ ᠦᠢᠯᠡᠳᠦᠯᠭᠡ ᠪᠣᠯᠤᠨ᠎ᠠ᠃ | ᠣᠳᠣᠬᠠᠨ ᠳᠤ᠂ ᠰᠢᠨᠬᠤᠸᠠ ᠬᠤᠷᠢᠶᠠᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ | ᠬᠥᠮᠦᠵᠢᠯ ᠤᠨ ᠰᠤᠷᠤᠯᠴᠠᠯᠭ᠎ᠠ ᠶᠢᠨ ᠲᠠᠩᠬᠢᠮ︾ ᠶᠢ ᠪᠦᠬᠦ ᠤᠯᠤᠰ ᠤᠨ 26 ᠮᠣᠵᠢ ᠬᠤᠲᠠ ᠲᠣᠭᠤᠷᠢᠭ ᠲᠤ | ᠨᠡᠪᠲᠡᠷᠡᠭᠦᠯᠵᠦ᠂ 2 ᠲᠦᠮᠡ ᠭᠠᠷᠤᠢ ᠳᠤᠮᠳᠠᠳᠤ ᠪᠠᠭ᠎ᠠ ᠰᠤᠷᠭᠠᠭᠤᠯᠢ ᠶᠢ ᠬᠠᠮᠤᠷᠴᠤ᠂ ᠥᠷᠭᠡᠨ ᠣᠯᠠᠨ ᠪᠠᠭᠰᠢ | ᠰᠤᠷᠤᠭᠴᠢ ᠪᠣᠯᠤᠨ ᠰᠤᠷᠭᠠᠨ ᠬᠥᠮᠦᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠤᠲᠠᠯᠠᠯᠲᠠ ᠶᠢ ᠣᠯᠵᠠᠶ | ᠃ ᠥᠪᠥᠷ ᠮᠣᠩᠭᠤᠯ ᠤᠨ ᠬᠦᠬᠡᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠳ᠋ᠦᠩ ᠾᠧ | ᠰᠤᠷᠭᠠᠭᠤᠯᠢ ᠶᠢᠨ ᠲᠣᠭᠤᠷᠢᠭ᠂ ᠪᠣᠶᠢᠷ ᠵᠠᠮ ᠤᠨ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ︽ᠳᠤᠮᠳᠠᠳᠤ ᠪᠠᠭ᠎ᠠ | ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠰᠤᠷᠤᠯᠴᠠᠯᠭ᠎ᠠ ᠶᠢᠨ ᠲᠠᠩᠬᠢᠮ︾ ᠶᠢ ᠲᠤᠷᠰᠢᠨ | ᠨᠡᠪᠲᠡᠷᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠬᠦᠷᠢᠶᠡᠯᠡᠯ ᠪᠠ ᠰᠠᠶᠢᠨ ᠦᠨᠡᠯᠡᠯᠲᠡ ᠶᠢ ᠣᠯᠵᠠᠶ᠃ |