ᠡᠬᠡ ᠤᠯᠤᠰ ᠢᠶᠠᠨ ᠮᠠᠭᠲᠠᠨ ᠳᠠᠭᠤᠯᠠᠶ᠎ᠠ
ᠨᠡᠶᠢᠲᠡᠯᠡᠭᠰᠡᠨ ᠴᠠᠭ᠄
2019-09-27
    ᠥᠴᠥᠭᠡᠳᠦᠷ᠂ ᠮᠠᠨ ᠤ ᠬᠤᠲᠠ ᠶᠢᠨ ᠴᠢᠩ ᠴᠢᠣᠸᠠᠨ ᠵᠡᠭᠡᠯᠢ ᠶᠢᠨ ᠨᠡᠶᠢᠭᠡᠮ ᠲᠣᠭᠤᠷᠢᠭ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠬᠥᠳᠡᠯᠭᠡᠭᠡᠨ ᠥᠷᠨᠢᠭᠦᠯᠵᠦ᠂ ᠨᠡᠶᠢᠭᠡᠮ ᠲᠣᠭᠤᠷᠢᠭ ᠤᠨ ᠠᠬᠠᠮᠠᠳ ᠨᠠᠮ ᠤᠨ ᠭᠡᠰᠢᠭᠦᠨ᠂ ᠦᠨᠳᠦᠷ ᠨᠠᠰᠤᠲᠠᠨ᠂ ︽ᠬᠠᠵᠠᠭᠤᠲᠠᠬᠢ ᠰᠠᠶᠢᠨ ᠬᠥᠮᠥᠨ︾ ᠤ ᠲᠥᠯᠥᠭᠡᠯᠡᠭᠴᠢ ᠵᠡᠷᠭᠡ ᠬᠥᠮᠥᠰ ᠢ ᠤᠷᠢᠨ ᠪᠠᠶᠠᠷ ᠤᠨ ᠴᠤᠭᠯᠠᠭᠠᠨ ᠪᠣᠯᠵᠤ᠂ ᠬᠠᠮᠲᠤ ᠪᠠᠷ ᠤᠷᠲᠤ ᠨᠠᠰᠤᠯᠠᠬᠤ ᠶᠢ ᠪᠡᠯᠭᠡᠳᠡᠭᠰᠡᠨ ᠭᠤᠯᠢᠷ ᠠᠮᠲᠠᠯᠠᠵᠤ᠂ ᠡᠬᠡ ᠤᠯᠤᠰ ᠢᠶᠠᠨ ᠮᠠᠭᠲᠠᠨ ᠳᠠᠭᠤᠯᠠᠵᠤ᠂ ᠮᠠᠨᠳᠤᠯ ᠬᠥᠭᠵᠢᠯ ᠢᠶᠠᠨ ᠮᠠᠭᠲᠠᠨ ᠳᠠᠭᠤᠯᠠᠵᠤ᠂ ᠡᠬᠡ ᠤᠯᠤᠰ ᠤᠨ ᠮᠠᠨᠳᠤᠯ ᠬᠥᠭᠵᠢᠯ ᠢ ᠪᠡᠯᠭᠡᠳᠡᠭᠰᠡᠨ ᠪᠠᠶᠢᠨ᠎ᠠ᠃  ᠵᠢᠷᠤᠭ᠄ ᠦᠨᠳᠦᠰᠦᠲᠡᠨ ᠤ ᠬᠤᠪᠴᠠᠰᠤ ᠪᠠᠷ ᠭᠤᠶᠣᠭᠰᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠯᠤᠰ ᠤᠨ ᠲᠤᠭ ᠤᠨ ᠡᠮᠦᠨ᠎ᠡ᠃ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号