ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠣᠢ ᠶᠢ ᠪᠡᠯᠭᠡᠯᠡᠬᠦ ︽ᠲᠠᠯ᠎ᠠ ᠨᠤᠳᠤᠭ ᠤᠨ ᠲᠦᠷᠪᠡᠨ ᠤᠯᠠᠷᠢᠯ ᠦᠵᠡᠰᠭᠦᠯᠡᠩᠳᠦᠰᠠᠶᠢᠬᠠᠨ ᠤᠮᠠᠷᠠᠳᠤ ᠬᠢᠯᠢ︾ ᠪᠦᠬᠦ ᠤᠯᠤᠰ ᠤᠨ ᠤᠷᠠᠨ ᠵᠢᠷᠤᠭ ᠤᠨ ᠪᠦᠲᠦᠭᠡᠯ ᠤᠨ ᠦᠵᠡᠰᠭᠦᠯᠡᠩ ᠬᠦᠬᠡᠬᠤᠳᠠ ᠳᠤ ᠡᠬᠢ᠊
ᠨᠡᠶᠢᠲᠡᠯᠡᠭᠰᠡᠨ ᠴᠠᠭ᠄
2019/9/29
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠳᠠᠳᠤᠯᠭ᠎ᠠ ᠶᠢᠨ ᠰᠤᠷᠪᠤᠯᠵᠢᠯᠠᠬᠴᠢ ᠦᠷᠴᠠᠶᠢᠬᠤ︶ 9 ᠰᠠᠷ᠎ᠠ ᠶᠢᠨ 28 ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠣᠢ ᠶᠢ ᠪᠡᠯᠭᠡᠯᠡᠬᠦ ︽ᠲᠠᠯ᠎ᠠ ᠨᠤᠲᠤᠭ ᠤᠨ ᠲᠦᠷᠪᠡᠨ ᠤᠯᠠᠷᠢᠯ ᠦᠵᠡᠰᠭᠦᠯᠡᠩᠳᠦᠰᠠᠶᠢᠬᠠᠨ ᠤᠮᠠᠷᠠᠳᠤ ᠬᠢᠯᠢ︾ ᠪᠦᠬᠦ ᠤᠯᠤᠰ ᠤᠨ ᠤᠷᠠᠨ ᠵᠢᠷᠤᠭ ᠤᠨ ᠪᠦᠲᠦᠭᠡᠯ ᠤᠨ ᠦᠵᠡᠰᠭᠦᠯᠡᠩ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠡᠬᠢᠯᠡᠪᠡ᠃      ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠠᠷᠢᠭᠦᠯᠡᠭᠴᠢ ᠴᠡᠴᠡᠭ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃      ᠦᠵᠡᠰᠭᠦᠯᠡᠩ ᠢ ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠭᠤᠤᠯᠯᠠᠨ ᠡᠷᠬᠢᠯᠡᠵᠤ᠂ ᠡᠨᠡ ᠨᠢ ᠡᠨᠡ ᠵᠢᠯ ᠤᠨ 6 ᠰᠠᠷ᠎ᠠ ᠶᠢᠨ 21 ᠤ ᠡᠳᠦᠷ  ᠪᠡᠭᠡᠵᠢᠩ ᠳᠤ ᠪᠤᠯᠤᠭᠰᠠᠨ ᠠᠩᠬᠠᠨ ᠤ ᠦᠷᠲᠡᠭᠡᠨ ᠤ ᠦᠵᠡᠰᠭᠦᠯᠡᠩ ᠤᠨ ᠳᠠᠷᠠᠭᠠᠬᠢ ᠬᠤᠶᠠᠳᠤᠭᠠᠷ ᠦᠷᠳᠡᠭᠡ ᠪᠠᠶᠢᠵᠤ᠂ ︽ᠳᠤᠮᠳᠠᠳᠤ ᠤᠯᠤᠰ ᠤᠨ ᠤᠷᠠᠨ ᠵᠢᠷᠤᠬᠴᠢᠨ ᠤ ᠲᠠᠯ᠎ᠠ ᠨᠤᠲᠤᠭ ᠤᠨ ᠳᠥᠷᠪᠡᠨ ᠤᠯᠠᠷᠢᠯ ᠢ ᠲᠤᠭᠤᠷᠢᠨ ᠵᠢᠷᠤᠬᠤ ᠠᠵᠢᠯᠯᠠᠭ᠎ᠠ︾ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠳᠡ ᠶᠢᠨ ᠦᠵᠡᠰᠭᠦᠯᠡᠩ᠂ ᠦᠪᠡᠷᠳᠡᠭᠡᠨ ᠵᠠᠰᠠᠬᠤ ᠤᠷᠤᠨ ᠤ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ  ᠣᠢ ᠳᠤ ᠡᠷᠭᠦᠭᠰᠡᠨ ᠲᠣᠮᠣ ᠪᠡᠯᠡᠭ ᠪᠣᠯᠣᠨ᠎ᠠ᠃      ᠲᠤᠰ ᠤᠳᠠᠭᠠᠨ ᠤ ᠦᠵᠡᠰᠭᠦᠯᠡᠩ ᠳᠤ ᠪᠡᠭᠡᠵᠢᠩ ᠤᠨ ᠠᠩᠬᠠᠨ ᠤ ᠦᠵᠡᠰᠭᠦᠯᠡᠩ ᠳᠤ ᠤᠷᠤᠯᠴᠠᠬᠰᠠᠨ ᠪᠦᠬᠦ ᠪᠦᠲᠦᠭᠡᠯ ᠪᠠ ︽ᠲᠠᠯ᠎ᠠ ᠨᠤᠲᠤᠭ ᠤᠨ ᠳᠥᠷᠪᠡᠨ ᠤᠯᠠᠷᠢᠯ ᠢ ᠲᠤᠭᠤᠷᠢᠨ ᠵᠢᠷᠤᠬᠤ ᠠᠵᠢᠯᠯᠠᠭ᠎ᠠ︾ ᠵᠢᠨ‌‍ᠨ 240 ᠰᠤᠳᠤᠨ ᠪᠦᠲᠦᠭᠡᠯ ᠤᠷᠤᠯᠴᠠᠵᠤ᠂ ᠦᠪᠦᠷ ᠮᠣᠩᠭᠤᠯ ᠤᠨ ᠪᠠᠶᠢᠭᠠᠯᠢ ᠶᠢᠨ ᠦᠩᠭᠡ ᠦᠵᠡᠮᠵᠢ ᠪᠤᠯᠤᠨ ᠰᠤᠶᠤᠯ ᠢᠷᠭᠡᠨᠰᠢᠯ ᠤᠨ ᠬᠡᠪ ᠪᠠᠶᠢᠳᠠᠯ ᠢ ᠳᠣᠪᠣᠶᠢᠮ᠎ᠠ ᠢᠯᠡᠷᠡᠭᠦᠯᠵᠤ᠂ ᠰᠦᠷᠯᠢᠭ ᠰᠠᠶᠢᠬᠠᠨ ᠥᠪᠥᠷ ᠮᠣᠩᠭᠤᠯ ᠤᠨ ᠨᠡᠶᠢᠭᠡᠮ ᠤᠨ ᠠᠮᠤᠷ ᠲᠤᠬᠳᠠᠭᠤᠨ᠂ ᠦᠨᠳᠦᠰᠦᠳᠡᠨ ᠤ ᠪᠦᠯᠬᠦᠮᠳᠡᠯ᠂ ᠠᠷᠠᠳ ᠤᠯᠠᠨ ᠤ ᠠᠮᠤᠷ ᠠᠮᠤᠭᠤᠯᠠᠩ᠂ ᠠᠮᠢ ᠠᠬᠤᠢ ᠶᠢᠨ ᠪᠤᠯᠪᠠᠰᠤᠨ ᠤ ᠤᠬᠢ ᠰᠠᠶᠢᠨ ᠪᠠᠶᠢᠳᠠᠯ ᠢ ᠪᠦᠬᠦ ᠲᠠᠯ᠎ᠠ ᠪᠠᠷ ᠲᠤᠰᠬᠠᠵᠠᠢ᠃ ᠦᠵᠡᠰᠭᠦᠯᠡᠩ ᠳᠤ ᠤᠷᠤᠯᠴᠠᠬᠰᠠᠨ ᠪᠦᠲᠦᠭᠡᠯ ᠤᠨ ᠭᠤᠤᠯ ᠰᠡᠳᠦᠪ ᠳᠣᠪᠣᠶᠢᠮ᠎ᠠ᠂ ᠬᠡᠪ ᠨᠠᠮᠪᠠ ᠤᠯᠠᠨ᠂ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠵᠢᠷᠤᠬᠴᠢᠨ ᠤ ᠤᠷᠠᠯᠢᠭ ᠤᠨ ᠪᠦᠲᠦᠭᠡᠯᠴᠢ ᠴᠢᠳᠠᠪᠤᠷᠢ ᠶᠢ ᠭᠦᠢᠴᠡᠳ ᠢᠯᠡᠷᠡᠭᠦᠯᠵᠤ᠂ ᠲᠠᠯ᠎ᠠ ᠨᠤᠲᠤᠭ ᠤᠨ ᠰᠣᠶᠣᠯ ᠤᠨ ᠥᠪᠡᠷᠮᠢᠴᠡ ᠲᠠᠲᠠᠬᠤ ᠬᠦᠴᠦᠨ ᠢ ᠬᠠᠷᠠᠭᠤᠯᠵᠠᠢ᠃      ᠤᠢᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠤᠷᠠᠨ ᠵᠢᠷᠤᠬᠴᠢᠨ ᠤ ᠲᠠᠯ᠎ᠠ ᠨᠤᠲᠤᠭ ᠤᠨ ᠳᠥᠷᠪᠡᠨ ᠤᠯᠠᠷᠢᠯ ᠢ ᠲᠤᠭᠤᠷᠢᠨ ᠵᠢᠷᠤᠬᠤ ᠠᠵᠢᠯᠯᠠᠭ᠎ᠠ︾ ᠪᠤᠯ ᠪᠦᠬᠦ ᠤᠯᠤᠰ ᠤᠨ ᠤᠷᠠᠨ ᠵᠢᠷᠤᠭ ᠤᠨ ᠬᠦᠷᠢᠶᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠥᠪᠥᠷ ᠮᠣᠩᠭᠤᠯ ᠤᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠳᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠴᠢᠬᠤᠯᠠ ᠠᠷᠭ᠎ᠠ ᠠᠪᠴᠠᠯ ᠪᠤᠳᠠᠳᠤ ᠠᠵᠢᠯᠯᠠᠭ᠎ᠠ ᠪᠣᠯᠣᠨ᠎ᠠ᠃ ᠠᠵᠢᠯᠯᠠᠭ᠎ᠠ ᠨᠢ 2017 ᠣᠨ ᠤ 12 ᠰᠠᠷ᠎ᠠ ᠠᠴᠠ 2018 ᠣᠨ ᠤ 12 ᠰᠠᠷ᠎ᠠ ᠪᠣᠯᠲᠠᠯ᠎ᠠ ᠤᠷᠢᠳ ᠬᠤᠵᠢᠳ ᠤᠯᠤᠰ ᠤᠨ ᠳᠤᠳᠤᠭᠠᠳᠤ ᠶᠢᠨ 120 ᠭᠠᠷᠤᠢ ᠨᠡᠷᠡᠳᠦ ᠤᠷᠠᠨ ᠵᠢᠷᠤᠭᠴᠢᠨ ᠢ ᠤᠨᠴᠠ ᠤᠷᠢᠵᠤ᠂ ᠬᠢᠩᠭᠠᠨ ᠠᠶᠢᠮᠠᠭ᠂ ᠬᠦᠯᠦᠨ ᠪᠤᠶᠢᠷ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠤᠯ ᠠᠶᠢᠮᠠᠭ᠂ ᠠᠯᠠᠱᠠ ᠠᠶᠢᠮᠠᠭ ᠵᠡᠷᠭᠡ 5 ᠠᠶᠢᠮᠠᠭ ᠬᠤᠲᠠ ᠶᠢᠨ 21 ᠬᠤᠰᠢᠭᠤ ᠰᠢᠶᠠᠨ᠂ ᠰᠤᠮᠤ᠂ ᠭᠠᠴᠠᠭ᠎ᠠ ᠪᠠᠷ ᠭᠦᠨᠵᠡᠭᠡᠶᠢᠷᠡᠵᠤ᠂ ᠤᠯᠠᠭᠠᠨᠮᠦ᠋ᠴᠢᠷ᠂ ᠮᠠᠯᠴᠢᠨ ᠤ ᠭᠡᠷ ᠢᠶᠠᠷ ᠭᠦᠨᠵᠡᠭᠡᠶᠢᠷᠡᠨ ᠲᠦᠷᠪᠡᠨ ᠤᠯᠠᠷᠢᠯ ᠢ ᠰᠤᠨᠳᠠᠯᠠᠨ 2 ᠲᠦᠮᠡ ᠭᠠᠷᠤᠢ ᠺᠢᠯᠣᠮᠧᠲᠷ ᠠᠶᠠᠯᠠᠵᠤ᠂ 1400ᠭᠠᠷᠤᠢ ᠪᠦᠲᠦᠭᠡᠯ ᠭᠠᠷᠭᠠᠵᠠᠢ᠃ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ᠂ ᠬᠡᠷᠡᠭᠯᠡᠭᠰᠡᠨ ᠴᠠᠭ ᠬᠤᠭᠤᠴᠠᠭ᠎ᠠ ᠨᠢ ᠦᠪᠡᠷᠳᠡᠭᠡᠨ ᠵᠠᠰᠠᠬᠤ ᠤᠷᠤᠨ ᠤ ᠤᠷᠠᠨ ᠵᠢᠷᠤᠭ ᠤᠨ ᠲᠡᠦᠬᠡᠨ ᠳᠡᠭᠡᠷ᠎ᠡ ᠤᠷᠢᠳᠤ ᠭᠠᠷᠤᠭ᠎ᠠ ᠦᠭᠡᠢ ᠶᠤᠮ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ